3 ᠳ᠋ᠤᠭ᠋ᠠᠷ ᠰᠠᠷ᠎ᠠ ᠵᠢᠨ 13᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠭᠦᠢ᠍ᠴᠡᠳᠬᠡᠬᠦ ᠺᠣᠮᠢᠰ᠎ᠤᠨ ᠬᠤᠷᠠᠯ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ᠎ᠢ ᠡᠷᠬᠢᠯᠡᠪᠡ᠃
ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠠᠵᠢᠯ᠎ᠢ ᠭᠦᠢ᠍ᠴᠡᠳ ᠨᠤᠳᠠᠯᠠᠬᠤ ᠵᠢᠨ ᠬᠠᠮᠳᠤ ᠬᠡᠯᠡᠭᠰᠡᠨ᠎ᠨᠢ᠂ ᠡᠯ᠎ᠡ ᠱᠠᠲᠤᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ᠎ᠬᠢᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ ᠦᠨᠳᠦᠰᠦᠲᠡᠨ᠎ᠨᠦᠭᠦᠳ᠎ᠤᠨ ᠡᠮᠡᠭᠲᠡᠢ᠌ᠴᠦᠳ᠎ᠢ ᠬᠥᠲᠥᠯᠥᠨ ᠵᠢᠯᠤᠭᠣᠳᠴᠤ ᠪᠠᠢ᠌ᠭ᠋ᠠᠳ 《ᠲᠠᠪᠤᠨ ᠪᠠᠳᠠᠭ ᠦᠭᠡ》 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠪᠠᠲᠤ ᠴᠡᠭᠡᠵᠢᠯᠡᠭᠦᠯᠵᠦ᠂ ᠨᠠᠮ᠎ᠤᠨ ᠠᠴᠢ ᠵᠢ ᠮᠡᠳᠡᠷᠡᠭᠦᠯᠬᠦ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠬᠦᠴᠦᠷᠬᠡᠭ ᠶᠡᠬᠡ ᠢᠳᠡᠪᠬᠢ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠥ ᠲᠠᠲᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ᠃ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠡᠮᠡᠭᠲᠡᠢ᠌ᠴᠦᠳ᠎ᠲᠤ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠡᠮᠡᠭᠲᠡᠢ᠌ᠴᠦᠳ᠎ᠤᠨ 《ᠲᠥᠷᠬᠦᠮ》᠎ᠨᠢ ᠪᠣᠯᠬᠤ ᠬᠡᠷᠡᠭᠲᠡᠢ᠃ ᠦᠨᠳᠦᠰᠦᠨ ᠱᠠᠲᠤ ᠵᠢ ᠶᠡᠬᠡ᠎ᠪᠠᠷ ᠠᠳᠬᠤᠵᠤ᠂ ᠰᠦᠯᠵᠢᠶ᠎ᠡ ᠵᠢ ᠶᠡᠬᠡ᠎ᠪᠠᠷ ᠠᠳᠬᠤᠵᠤ᠂ ᠡᠩᠨᠡᠭᠡ ᠵᠢ ᠶᠡᠬᠡ᠎ᠪᠠᠷ ᠠᠳᠬᠤᠵᠤ᠂ ᠨᠡᠩ ᠶᠡᠬᠡ ᠡᠷᠴᠢᠮ ᠵᠶ᠋ᠡᠷ ᠡᠮᠡᠭᠲᠡᠢ᠌ᠴᠦᠳ᠎ᠤᠨ ᠬᠣᠯᠪᠣᠭ᠎ᠠ ᠵᠢᠨ ᠥᠭᠡᠷᠡᠴᠢᠯᠡᠯᠲᠡ ᠪᠣᠯᠣᠨ ᠰᠤᠷᠲᠠᠯ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ ᠬᠡᠷᠡᠭᠲᠡᠢ ᠬᠡᠵᠡᠢ᠃
ᠬᠤᠷᠠᠯ᠎ᠠᠴᠠ ᠪᠠᠰᠠ 《3·8᠎ᠤ ᠤᠯᠠᠭ᠋ᠠᠨ ᠲᠤᠭᠴᠢ》 《ᠡᠮᠡᠭᠲᠡᠢ᠌ᠴᠦᠳ᠎ᠤᠨ ᠭᠠᠪᠢᠶ᠎ᠠ ᠪᠠᠢ᠌ᠭᠤᠯᠤᠭᠰᠠᠨ ᠵᠢᠱ᠌ᠢᠶᠡᠴᠢ》ᠵᠡᠷᠭᠡ ᠬᠠᠮᠲᠤ ᠪᠠ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠵᠠᠢ᠃