ᠦ᠋ ᠶᠠᠨ ᠭᠠᠩ ᠤᠷᠤᠯᠴᠠᠵᠤ᠂ ᠴᠢ ᠪᠠᠳᠤ᠂ ᠵᠤᠤ ᠰᠤ᠌ ᠵᠢᠩ ᠶᠠᠷᠢᠶ᠎ᠠ ᠲᠠᠯᠪᠢᠵᠠᠢ
5 ᠳ᠋ᠤᠭ᠋ᠠᠷ ᠰᠠᠷ᠎ᠠ ᠵᠢᠨ 11᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠤᠭ᠎ᠠ ᠵᠢᠨ ᠨᠠᠢ᠍ᠮᠠᠳᠤᠭ᠋ᠠᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ ᠬᠦᠬᠡᠬᠤᠳᠠ᠎ᠳᠤ ᠬᠤᠷᠠᠯᠳᠤᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠦ᠋ ᠶᠠᠨ ᠭᠠᠩ ᠬᠤᠷᠠᠯ᠎ᠳᠤ ᠣᠷᠣᠯᠴᠠᠵᠤ᠂ ᠴᠢ ᠪᠠᠲᠤ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠳᠠᠷᠤᠭ᠎ᠠ ᠵᠤᠤ ᠰᠤ᠌ ᠵᠢᠩ ᠨᠠᠷ ᠶᠠᠷᠢᠶ᠎ᠠ ᠲᠠᠯᠪᠢᠵᠠᠢ᠃ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠬᠤᠷᠠᠯ ᠤᠨ ᠲᠥᠯᠥᠭᠡᠯᠡᠭᠴᠢᠳ᠎ᠢ ᠳᠣᠲᠣᠨᠣ᠎ᠪᠠᠷ ᠬᠦᠯᠢᠶᠡᠨ ᠠᠪᠴᠤ ᠠᠭᠤᠯᠵᠠᠪᠠ᠃
ᠬᠤᠷᠠᠯ ᠲᠡᠬᠡᠷ᠎ᠡ 5 ᠵᠢᠯ᠎ᠤᠨ ᠲᠤᠷᠰᠢᠬᠢ ᠪᠦᠬᠦ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠬᠦᠭᠵᠢᠬᠦᠯᠤᠯᠳᠡ᠎ᠳᠤ ᠣᠯᠣᠭᠰᠠᠨ ᠠᠮᠵᠢᠯᠲᠠ ᠵᠢ ᠭᠦᠢ᠍ᠴᠡᠳ ᠨᠤᠳᠠᠯᠠᠬᠤ ᠵᠢᠨ ᠬᠠᠮᠳᠤ᠂ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠠᠳᠬᠤᠵᠤ᠂ ᠵᠡᠮᠳᠡᠭᠴᠦᠳ᠎ᠤᠨ ᠨᠡᠢ᠌ᠭᠡᠮ᠎ᠤᠨ ᠪᠠᠳᠤᠯᠠᠭ᠎ᠠ ᠵᠢᠨ ᠳᠦᠷᠢᠮ ᠪᠣᠯᠣᠨ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠪᠦᠬᠦ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃