ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2023-05-18

    5 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠢ᠌ᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠲᠠᠢ᠌ᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠵᠢᠨ ᠺᠤᠮᠠᠨᠳᠠᠯᠠᠭᠴᠢ ᠴᠧᠨ ᠯᠦ᠍ ᠱᠧᠩ ᠣᠷᠣᠯᠴᠠᠪᠠ᠃
     ᠬᠤᠷᠠᠯ᠎ᠠᠴᠠ ᠵᠢᠭ᠋ᠠᠬᠰᠠᠨ᠎ᠨᠢ᠂ ᠤᠷᠴᠢᠮ᠎ᠤᠨ ᠬᠡᠳᠦᠨ ᠵᠢᠯ᠎ᠳᠤ ᠮᠠᠨ᠎ᠤ ᠣᠷᠣᠨ᠎ᠳᠤ ᠣᠨᠴᠠᠭ᠋ᠠᠢ ᠴᠠᠭ ᠠᠭ᠋ᠠᠷ᠎ᠤᠨ ᠦᠵᠡᠭᠳᠡᠯ ᠣᠯᠠᠨᠲᠠ ᠡᠭᠦᠰᠴᠦ᠂ ᠪᠦᠬᠦ ᠵᠢᠯ᠎ᠤᠨ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠠᠵᠢᠯ᠎ᠢ ᠰᠠᠢ᠌ᠲᠤᠷ ᠬᠢᠬᠦ᠎ᠳᠤ ᠬᠠᠷᠢᠭᠤᠴᠠᠯᠭ᠎ᠠ ᠬᠦᠨᠳᠦ ᠪᠠᠢ᠌ᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠤᠰᠤ᠂ ᠭᠠᠩ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠰᠤᠯᠠᠷᠠᠭᠤᠯᠤᠯ ᠦᠭᠡᠢ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠶᠡᠬᠡ ᠦᠶᠡᠷ᠎ᠢ ᠰᠡᠷᠭᠡᠢ᠌ᠯᠡᠬᠦ᠂ ᠶᠡᠬᠡ ᠠᠶᠤᠯ᠎ᠲᠠᠢ ᠲᠡᠮᠡᠴᠡᠬᠦ᠂ ᠶᠡᠬᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ᠂ ᠦᠶᠡᠷ᠎ᠠᠴᠠ ᠡᠮᠦᠨᠡᠬᠢ ᠪᠡᠯᠡᠳᠬᠡᠯ᠂ ᠬᠡᠮ ᠰᠣᠭᠣᠭ᠎ᠢ ᠴᠡᠭᠴᠡᠯᠡᠨ ᠰᠠᠢ᠌ᠵᠢᠷᠠᠭᠤᠯᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠪᠠᠴᠢᠮ᠎ᠢ  ᠠᠷᠭ᠋ᠠᠴᠠᠭ᠋ᠠᠬᠤ ᠵᠡᠷᠭᠡ ᠠᠵᠢᠯ᠎ᠢ ᠰᠠᠢ᠌ᠲᠤᠷ ᠠᠳᠬᠤᠵᠤ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠬᠠᠲᠠᠭᠤ ᠳᠠᠢ᠌ᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷᠯᠢᠭ ᠬᠥᠭᠵᠢᠯᠲᠡ ᠵᠢ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠠᠬᠢᠭᠤᠯᠬᠤ ᠬᠡᠷᠡᠭᠲᠡᠢ
ᠮᠠᠨ᠎ᠤ ᠣᠷᠣᠨ 2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠪᠠ
ᠲᠦᠷᠦᠭᠦᠸ᠋ ᠳᠥᠷᠪᠡᠨ ᠰᠠᠷ᠎ᠠ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠤᠯᠤᠰ᠎ᠲᠤ ᠲᠡᠷᠢᠬᠦᠯᠡᠪᠡ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠵᠥᠪᠯᠡᠯ ᠶᠡᠷᠦᠩᠬᠡᠢ᠌ᠯᠡᠭᠰᠡᠨ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ ᠮᠠᠨ᠎ᠤ ᠣᠷᠣᠨ᠎ᠤ ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠲᠤᠰᠬᠠᠢ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠱᠠᠯᠠᠪᠳᠠᠭᠤᠯᠤᠨ ᠵᠢᠯᠤᠭᠣᠳᠴᠤ ᠪᠠᠢ᠌ᠴᠠᠭ᠋ᠠᠬᠤ ᠠᠵᠢᠯ ᠦᠷᠨᠢᠬᠦᠯᠪᠡ
 
            