2023 ᠣᠨ᠎ᠤ 5 ᠰᠠᠷ᠎ᠠ ᠵᠢᠨ 15᠎ᠤ ᠡᠳᠦᠷ 《ᠠᠷᠠᠳ᠎ᠤᠨ ᠡᠳᠦᠷ᠎ᠤᠨ ᠰᠣᠨᠢᠨ》᠎ᠤ ᠲᠦᠷᠦᠭᠦᠦ ᠨᠢᠭᠤᠷ᠎ᠲᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠳᠤᠳᠬᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠬᠦ ᠲᠠᠯ᠎ᠠ᠎ᠪᠠᠷ ᠪᠦᠳᠦᠬᠡᠨ ᠪᠠᠢ᠌ᠭᠤᠯᠬᠤ᠎ᠪᠠᠷ ᠭᠣᠣᠯ ᠰᠡᠳᠦᠪ ᠪᠣᠯᠭ᠋ᠠᠭᠰᠠᠨ ᠥᠪᠥᠷ ᠮᠣᠩᠭᠣᠯ᠎ᠳᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠦᠶ᠎ᠡ》 ᠬᠡᠬᠦ ᠮᠡᠳᠡᠬᠡᠯᠡᠯᠢ ᠨᠡᠢ᠌ᠳᠡᠯᠡᠪᠡ᠃ ᠮᠡᠳᠡᠭᠡᠯᠡᠯ᠎ᠳᠤ᠂ 5 ᠳ᠋ᠤᠭ᠋ᠠᠷ ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ᠎ᠪᠠᠷ ᠭᠣᠣᠯ ᠰᠡᠳᠦᠪ ᠪᠣᠯᠭ᠋ᠠᠭᠰᠠᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠮᠥᠨ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ ᠦᠨᠳᠦᠰᠦᠲᠡᠨ᠎ᠤ ᠠᠵᠢᠯ ᠵᠶ᠋ᠠᠨ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠥᠬᠥ ᠲᠠᠯ᠎ᠠ᠎ᠪᠠᠷ ᠪᠠᠳᠤᠳᠬᠠᠵᠤ᠂ ᠨᠠᠩ ᠰᠠᠢ᠌ᠲᠤᠷ ᠶᠠᠪᠤᠯᠴᠠᠨ ᠰᠣᠯᠢᠯᠴᠠᠵᠤ ᠠᠭᠤᠰᠤᠯᠴᠠᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠭᠤᠯᠤᠭᠳᠠᠬᠤᠨ ᠪᠠ ᠠᠭᠤᠯᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠪᠠ᠃ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠬᠡᠷᠬᠢᠨ ᠴᠢᠨᠠᠷᠵᠢᠭᠤᠨ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ᠎ᠬᠢᠨ ᠬᠦᠴᠦᠨ ᠵᠶ᠋ᠡᠨ ᠵᠣᠬᠢᠶᠠᠨ ᠪᠠᠢ᠌ᠭᠤᠯᠤᠨ ᠭᠦᠨᠵᠡᠭᠡᠢ ᠪᠠᠢ᠌ᠴᠠᠭ᠋ᠠᠨ ᠰᠤᠳᠤᠯᠤᠯᠲᠠ ᠥᠷᠨᠢᠭᠦᠯᠵᠦ᠂ ᠤᠨᠤᠯ᠎ᠤᠨ ᠰᠢᠰᠲ᠋ᠧᠮ᠎ᠤᠨ ᠪᠠᠢ᠌ᠭᠤᠯᠤᠯᠲᠠ᠂ ᠳᠤᠮᠳᠠᠳᠤ ᠵᠢᠨ ᠰᠣᠶᠣᠯ᠎ᠤᠨ ᠮᠡᠳᠡᠷᠡᠮᠵᠢ ᠵᠢ ᠨᠡᠮᠡᠭᠳᠡᠭᠦᠯᠬᠦ ᠵᠡᠷᠭᠡ ᠵᠢ ᠪᠠᠭᠲᠠᠭ᠋ᠠᠭᠰᠠᠨ 25 ᠲᠠᠯ᠎ᠠ᠂ 79 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠠᠷᠭ᠎ᠠ ᠵᠢ ᠲᠤᠬᠳᠠᠭ᠋ᠠᠨ ᠨᠡᠢ᠌ᠳᠡᠯᠡᠭᠰᠡᠨ ᠲᠤᠬᠠᠢ ᠮᠡᠳᠡᠬᠡᠯᠡᠭᠰᠡᠨ ᠪᠠᠢ᠌ᠨ᠎ᠠ᠃