ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢᠨ ᠲᠤᠬᠠᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-05-18

    5 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠥᠪᠥᠷ ᠮᠣᠩᠭᠣᠯ᠎ᠤᠨ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠳᠠ ᠵᠢ ᠪᠠᠢ᠌ᠴᠠᠭ᠋ᠠᠨ ᠰᠤᠳᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠲᠠᠢ᠌ᠴᠢᠨ ᠣᠷᠣᠯᠴᠠᠪᠠ᠃
     ᠶᠠᠩ ᠸᠧᠢ ᠳ᠋ᠦᠩ ᠬᠡᠯᠡᠭᠰᠡᠨ᠎ᠨᠢ᠂ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢ ᠤᠯᠤᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢᠨ ᠴᠢᠬᠤᠯᠠ ᠪᠠᠷᠢᠴᠨ ᠪᠣᠯᠭ᠋ᠠᠵᠤ᠂ ᠨᠢᠭᠡᠳᠦᠯᠲᠡᠢ ᠨᠠᠷᠠᠲᠤ  ᠲᠡᠮᠳᠡᠭ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠪᠣᠭᠣᠳᠠᠯᠯᠠᠬᠤ᠂ ᠨᠢᠭᠡᠳᠦᠯᠲᠡᠢ ᠤᠬᠠᠭᠤᠯᠬᠤ᠂ ᠨᠢᠭᠡᠳᠦᠯᠲᠡᠢ ᠡᠵᠡᠩᠨᠡᠨ ᠪᠣᠷᠣᠯᠠᠭᠤᠯᠬᠤ ᠲᠠᠯ᠎ᠠ᠎ᠪᠠᠷ ᠭᠦᠢ᠍ᠴᠡᠳ ᠬᠦᠴᠦ ᠣᠷᠣᠭᠤᠯᠵᠤ᠂ ᠮᠠᠨ᠎ᠤ ᠣᠷᠣᠨ᠎ᠤ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠠᠯᠳᠠᠷᠰᠢᠯ ᠪᠠ ᠨᠥᠯᠥᠭᠡᠯᠡᠬᠦ ᠬᠦᠴᠦᠨ᠎ᠢ ᠨᠡᠮᠡᠭᠳᠡᠭᠦᠯᠬᠦ ᠬᠡᠷᠡᠭᠲᠡᠢ᠃ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠦᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠪᠦᠬᠦ ᠣᠷᠣᠨ᠎ᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠪᠣᠢ᠌ᠵᠢᠭᠤᠯᠬᠤ ᠠᠵᠢᠯ᠎ᠢ ᠰᠠᠢ᠌ᠲᠤᠷ ᠠᠳᠬᠤᠵᠤ᠂ ᠠᠵᠤ ᠠᠬᠤᠢ᠌ᠯᠠᠯ᠎ᠤᠨ 《ᠪᠠᠭ᠎ᠠ ᠬᠡᠮᠵᠢᠶ᠎ᠡ᠎ᠪᠠᠷ ᠳᠦᠷᠢᠮ ᠲᠣᠭᠲᠠᠭ᠋ᠠᠯ ᠳᠡᠪᠰᠢᠭᠦᠯᠬᠦ᠂ ᠳᠦᠷᠢᠮ᠎ᠢ ᠪᠤᠵᠠᠭ᠋ᠠᠢ᠌ᠷᠠᠭᠤᠯᠬᠤ᠂ ᠶᠡᠬᠡ᠎ᠪᠠᠷ ᠬᠦᠴᠦᠷᠬᠡᠭ ᠪᠣᠯᠭ᠋ᠠᠬᠤ᠂ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠦᠴᠦᠷᠬᠡᠭᠵᠢᠭᠦᠯᠬᠦ》 ᠵᠢ ᠲᠡᠳᠬᠦᠨ ᠠᠬᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠂ ᠲᠠᠷᠢᠶᠠᠯᠠᠩ ᠮᠠᠯ ᠠᠵᠤ ᠠᠬᠤᠢ ᠵᠢ ᠴᠢᠨᠠᠷᠯᠢᠭ ᠬᠥᠭᠵᠢᠭᠦᠯᠬᠦ ᠵᠢ ᠳᠠᠢ᠌ᠴᠢᠯᠠᠬᠤ ᠬᠡᠷᠡᠭᠲᠡᠢ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷᠯᠢᠭ ᠬᠥᠭᠵᠢᠯᠲᠡ ᠵᠢ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠠᠬᠢᠭᠤᠯᠬᠤ ᠬᠡᠷᠡᠭᠲᠡᠢ
ᠮᠠᠨ᠎ᠤ ᠣᠷᠣᠨ 2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠪᠠ
ᠲᠦᠷᠦᠭᠦᠸ᠋ ᠳᠥᠷᠪᠡᠨ ᠰᠠᠷ᠎ᠠ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠤᠯᠤᠰ᠎ᠲᠤ ᠲᠡᠷᠢᠬᠦᠯᠡᠪᠡ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
 
            