ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ (ᠥᠪᠥᠷ ᠮᠣᠩᠭᠣᠯ) — ᠠᠮᠧᠷᠢᠺᠠ (ᠺᠠᠯᠢᠹᠣᠷᠨᠢᠶ᠎ᠠ) ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ (ᠰᠦᠯᠵᠢᠶᠡᠨ ᠳᠡᠭᠡᠷᠡᠬᠢ)᠎ᠢ ᠬᠤᠳᠠᠯᠳᠤᠨ ᠠᠪᠬᠤ ᠵᠥᠪᠳᠡᠯᠴᠡᠭᠡᠷ᠎ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2023-03-24

ᠯᠢ ᠪᠢᠩ ᠷᠦᠩ ᠶᠠᠩ ᠵᠢᠨ ᠪᠠᠶᠠᠷ᠎ᠤᠨ ᠦᠭᠡ ᠬᠡᠯᠡᠵᠡᠢ


    3 ᠳ᠋ᠤᠭ᠋ᠠᠷ ᠰᠠᠷ᠎ᠠ ᠵᠢᠨ 21᠎ᠤ ᠡᠳᠦᠷ᠂ ᠳᠤᠮᠳᠠᠳᠤ ᠤᠯᠤᠰ (ᠥᠪᠥᠷ ᠮᠣᠩᠭᠣᠯ) — ᠠᠮᠧᠷᠢᠺᠠ (ᠺᠠᠯᠢᠹᠣᠷᠨᠢᠶ᠎ᠠ) ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ (ᠰᠦᠯᠵᠢᠶᠡᠨ ᠳᠡᠭᠡᠷᠡᠬᠢ)᠎ᠤᠨ ᠬᠤᠳᠠᠯᠳᠤᠨ ᠠᠪᠬᠤ ᠵᠥᠪᠳᠡᠯᠴᠡᠭᠡᠷ᠎ᠤᠨ ᠬᠤᠷᠠᠯ ᠡᠬᠢᠯᠡᠪᠡ᠃ ᠲᠤᠰ ᠬᠤᠷᠠᠯ ᠬᠤᠶᠠᠷ ᠡᠳᠤᠷ ᠬᠤᠷᠠᠯᠳᠤᠬᠤ ᠪᠤᠯᠤᠨ᠎ᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠯᠢ ᠪᠢᠩ ᠷᠦᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠸᠢᠳᠢᠤ᠋᠎ᠪᠠᠷ ᠪᠠᠶᠠᠷ᠎ᠤᠨ ᠦᠭᠡ ᠬᠡᠯᠡᠪᠡ᠃
     ᠲᠤᠰ ᠬᠤᠷᠠᠯ᠎ᠢ ᠳᠤᠮᠳᠠᠳᠤ ᠤᠯᠤᠰ᠎ᠤᠨ ᠤᠯᠠᠨ ᠤᠯᠤᠰ᠎ᠤᠨ ᠠᠷᠠᠯᠵᠢᠶ᠎ᠠ ᠵᠢ ᠠᠬᠢᠭᠤᠯᠬᠤ ᠵᠥᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠳᠠᠭ᠋ᠠᠳᠤ ᠶᠠᠪᠤᠳᠠᠯ᠎ᠤᠨ ᠠᠯᠪᠠᠨ ᠭᠡᠷ᠂ ᠠᠮᠧᠷᠢᠺᠠ ᠵᠢᠨ ᠥᠪᠥᠷ ᠮᠣᠩᠭᠣᠯ᠎ᠳᠤ᠎ᠬᠢ ᠬᠤᠳᠠᠯᠳᠤᠭ᠋ᠠᠴᠢᠳ᠎ᠤᠨ ᠶᠡᠷᠦᠩᠬᠡᠢ ᠡᠪᠯᠡᠯ᠂ ᠠᠮᠧᠷᠢᠺᠠ ᠳᠤᠮᠳᠠᠳᠤ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠬᠠᠮᠲᠤᠷᠠᠨ ᠡᠷᠬᠢᠯᠡᠵᠤ᠂ ᠳᠤᠮᠳᠠᠳᠤ ᠠᠮᠧᠷᠢᠺᠠ ᠵᠢᠨ ᠭᠠᠳᠠᠭ᠋ᠠᠳᠤ᠎ᠠᠴᠠ ᠣᠷᠣᠭᠤᠯᠬᠤ ᠲᠠᠸᠠᠷ ᠬᠤᠳᠠᠯᠳᠤᠨ ᠠᠪᠬᠤ ᠵᠥᠪᠳᠡᠨ ᠶᠠᠷᠢᠯᠴᠠᠬᠤ ᠬᠤᠷᠠᠯ᠂ ᠳᠤᠮᠳᠠᠳᠤ ᠠᠮᠧᠷᠢᠺᠠ ᠵᠢᠨ ᠭᠠᠳᠠᠭ᠋ᠠᠳᠤ᠎ᠳᠤ ᠭᠠᠷᠭ᠋ᠠᠬᠤ ᠲᠠᠸᠠᠷ ᠬᠤᠳᠠᠯᠳᠤᠨ ᠠᠪᠬᠤ ᠵᠦᠪᠳᠡᠯᠵᠬᠡᠷ᠎ᠤᠨ ᠬᠤᠷᠠᠯ᠎ᠢ ᠬᠤᠷᠠᠯᠳᠤᠬᠤ ᠪᠤᠯᠤᠨ᠎ᠠ᠃ ᠡᠭᠦᠨ᠎ᠤ ᠵᠣᠷᠢᠯᠭ᠎ᠠ᠎ᠨᠢ ᠥᠪᠥᠷ ᠮᠣᠩᠭᠣᠯ ᠪᠣᠯᠣᠨ ᠺᠠᠯᠢᠹᠣᠷᠨᠢᠶ᠎ᠠ ᠵᠧᠦ ᠵᠢᠨ ᠨᠥᠬᠥᠷᠰᠡᠭ ᠣᠷᠣᠨ ᠵᠧᠦ ᠵᠢᠨ ᠬᠠᠷᠢᠴᠠᠭ᠎ᠠ ᠵᠢ ᠤᠯᠠᠮ ᠭᠦᠨᠵᠡᠭᠡᠢ᠌ᠷᠡᠭᠦᠯᠵᠦ᠂ ᠭᠠᠳᠠᠭ᠋ᠠᠳᠤ ᠨᠡᠭᠡᠭᠡᠯᠲᠡ ᠵᠢ ᠪᠥᠬᠥ ᠲᠠᠯ᠎ᠠ᠎ᠪᠠᠷ ᠥᠷᠭᠡᠳᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠠᠮᠧᠷᠢᠺᠠ᠂ ᠢᠯᠠᠩᠭᠤᠶ᠎ᠠ ᠺᠠᠯᠢᠹᠣᠷᠨᠢᠶ᠎ᠠ ᠵᠧᠦ ᠵᠢᠨ ᠠᠵᠤ ᠠᠬᠤᠢ ᠠᠷᠠᠯᠵᠢᠶᠠᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠤ᠂ ᠬᠣᠶᠠᠷ ᠲᠠᠯ᠎ᠠ ᠵᠢᠨ ᠦᠢ᠍ᠯᠡᠳᠪᠦᠷᠢ ᠬᠤᠳᠠᠯᠳᠤᠭ᠎ᠠ ᠠᠵᠤ ᠠᠬᠤᠢ᠌ᠯᠠᠯ᠎ᠤᠨ ᠎ᠬᠢᠨ᠎ᠤ ᠰᠢᠨ᠎ᠡ ᠠᠵᠠ ᠲᠣᠬᠢᠶᠠᠯ᠎ᠢ ᠡᠵᠡᠮᠳᠡᠨ᠂ ᠰᠢᠨ᠎ᠡ ᠬᠥᠭᠵᠢᠯᠲᠡ ᠵᠢ ᠬᠠᠮᠳᠤ᠎ᠪᠠᠷ ᠡᠷᠢᠯᠬᠢᠯᠡᠬᠦ ᠵᠢ ᠠᠬᠢᠭᠤᠯᠬᠤ ᠵᠢᠨ ᠲᠥᠯᠥᠭᠡ ᠶᠤᠮ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠦᠷᠬᠡᠨ ᠲᠡᠯᠬᠡᠷ ᠦᠷᠨᠢᠬᠦᠯᠪᠡ
ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢᠨ ᠲᠤᠬᠠᠢ ᠪᠠᠢ᠌ᠴᠠᠭ᠋ᠠᠨ ᠰᠤᠳᠤᠯᠪᠠ
ᠪᠦᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷᠯᠢᠭ ᠬᠥᠭᠵᠢᠯᠲᠡ ᠵᠢ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠠᠬᠢᠭᠤᠯᠬᠤ ᠬᠡᠷᠡᠭᠲᠡᠢ
ᠮᠠᠨ᠎ᠤ ᠣᠷᠣᠨ 2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠪᠠ
 
            