ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠸ᠋ ᠳᠥᠷᠪᠡᠨ ᠰᠠᠷ᠎ᠠ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠤᠯᠤᠰ᠎ᠲᠤ ᠲᠡᠷᠢᠬᠦᠯᠡᠪᠡ
ᠨᠡᠶᠢᠲᠡᠯᠡᠭᠰᠡᠨ ᠴᠠᠭ᠄ 2023-05-26

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠣᠶᠠᠷ ᠶᠡᠬᠡ ᠶᠠᠪᠤᠳᠠᠯ ᠵᠶ᠋ᠠᠷ ᠭᠣᠣᠯ ᠪᠠᠷᠢᠴᠨ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠶ᠎ᠠ》 ᠭᠡᠬᠦ ᠭᠣᠣᠯ ᠰᠡᠳᠦᠪᠲᠦ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ (3 ᠳ᠋ᠤᠭ᠋ᠠᠷ ᠲᠠᠯᠠᠪᠤᠷ)᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠲᠤᠰᠬᠠᠢ ᠬᠤᠷᠠᠯ 5 ᠳ᠋ᠤᠭ᠋ᠠᠷ ᠰᠠᠷ᠎ᠠ ᠵᠢᠨ 24᠎ᠤ ᠡᠳᠦᠷ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠦᠷᠦᠭᠦᠸ᠋ 4 ᠰᠠᠷ᠎ᠠ ᠵᠢᠨ ᠪᠥᠬᠥ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠬᠥᠭᠵᠢᠯᠲᠡ ᠵᠢᠨ ᠪᠠᠢ᠌ᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠦᠨᠤ ᠵᠢᠯ᠎ᠤᠨ ᠲᠦᠷᠦᠭᠦᠸ᠋ 4 ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 7%᠎ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ 3.4% ᠥᠨᠳᠥᠷ ᠪᠣᠯᠵᠤ᠂  ᠦᠨᠤ ᠵᠢᠯ᠎ᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠲᠦᠮᠡᠨ ᠳ᠋ᠦᠩᠰᠢᠭᠤᠷ ᠲᠥᠭᠥᠷᠢᠭ᠎ᠤᠨ ᠪᠣᠭᠣᠮᠲᠠ ᠵᠢ ᠳᠠᠪᠠᠬᠤ ᠪᠣᠯᠣᠨ᠎ᠠ᠃ ᠴᠢᠬᠤᠯᠠ ᠶᠡᠬᠡ ᠲᠦᠷᠦᠯ ᠵᠦᠢ᠍ᠯ᠎ᠤᠨ ᠬᠦᠴᠦᠲᠡᠢ ᠲᠤᠯᠭ᠋ᠠᠭᠤᠷᠢᠯᠠᠯ ᠲᠠᠢ᠍ᠢ᠍ᠴᠢᠯᠠᠯ ᠵᠶ᠋ᠠᠷ 1 — 4 ᠰᠠᠷ᠎ᠠ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠠᠳᠠᠯᠢ ᠬᠤᠭᠤᠴᠠᠭ᠋ᠠᠨ᠎ᠤ᠎ᠬᠢ᠎ᠠᠴᠠ 59.2% ᠵᠢᠡᠷ ᠨᠡᠮᠡᠭᠳᠡᠵᠦ᠂ ᠪᠦᠬᠦ ᠤᠯᠤᠰ᠎ᠤᠨ ᠲᠡᠷᠢᠭᠦᠨ᠎ᠳᠤ ᠣᠷᠣᠵᠤ᠂ ᠪᠦᠬᠦ ᠤᠯᠤᠰ᠎ᠤᠨ ᠳᠤᠮᠳᠠᠴᠢ ᠲᠦᠪᠰᠢᠨ᠎ᠠᠴᠠ 50.9 % ᠥᠨᠳᠥᠷ ᠪᠣᠯᠵᠠᠢ᠃ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 51% ᠨᠡᠮᠡᠭᠳᠡᠪᠡ᠃
     ᠦᠨᠤ ᠵᠢᠯ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ 《ᠬᠣᠶᠠᠷ ᠶᠡᠬᠡ ᠶᠠᠪᠤᠳᠠᠯ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠬᠥᠭᠵᠢᠯᠲᠡ᠎ᠪᠠᠨ ᠲᠦᠷᠭᠡᠳᠬᠡᠵᠦ᠂ ᠬᠥᠭᠵᠢᠯᠲᠡ ᠵᠢ ᠶᠡᠬᠡ᠎ᠪᠠᠷ ᠠᠳᠬᠤᠬᠤ ᠣᠢ᠌ᠯᠠᠭ᠋ᠠᠭᠳᠠᠬᠤᠨ᠎ᠢ ᠪᠦᠬᠦ ᠲᠠᠯ᠎ᠠ ᠎ᠪᠠᠷ ᠪᠤᠶ ᠪᠣᠯᠭ᠋ᠠᠵᠤ᠂ 《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ᠎ᠪᠠᠷ ᠪᠠᠷᠢᠴᠨ ᠪᠣᠯᠭ᠋ᠠᠵᠤ᠂ ᠦᠢ᠍ᠯᠡᠳᠪᠦᠷᠢᠯᠡᠯ᠎ᠤᠨ ᠦᠢ᠍ᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠢ᠌ᠷᠠᠭᠤᠯᠬᠤ ᠬᠠᠷᠠᠯᠲᠠ ᠵᠢ ᠲᠣᠭᠲᠠᠭ᠋ᠠᠵᠤ᠂ ᠦᠯᠡᠳᠡᠭᠡᠯ ᠬᠡᠮᠵᠢᠶ᠎ᠡ ᠵᠢ ᠦᠷᠭᠦᠯᠵᠢᠯᠡᠨ ᠰᠢᠯᠢᠳᠡᠭᠵᠢᠭᠦᠯᠵᠦ᠂ ᠨᠡᠮᠡᠭᠳᠡᠯ᠎ᠤᠨ ᠬᠡᠮᠵᠢᠶ᠎ᠡ ᠵᠢ ᠪᠤᠵᠠᠭ᠋ᠠᠢ᠌ᠷᠠᠭᠤᠯᠤᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠢᠯᠡᠳᠲᠡ ᠲᠦᠷᠭᠡᠳᠴᠦ᠂ ᠰᠢᠨ᠎ᠡ ᠠᠵᠤ ᠦᠢ᠍ᠯᠡᠰ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠪᠤᠵᠠᠭ᠋ᠠᠢ᠌ᠷᠠᠵᠤ᠂ ᠦᠢ᠍ᠯᠡᠳᠬᠦ ᠦᠢ᠍ᠯᠡᠰ᠎ᠤᠨ ᠠᠭᠤᠰᠤᠯᠳᠤᠨ ᠬᠥᠭᠵᠢᠬᠦ᠂ ᠡᠷᠴᠢᠮᠵᠢᠭᠦᠯᠦᠨ ᠬᠥᠭᠵᠢᠬᠦ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠨ᠂ ᠪᠥᠬᠥ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠬᠥᠭᠵᠢᠯᠲᠡ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠵᠠᠮ᠎ᠳᠤ ᠤᠷᠤᠪᠠ᠃ ᠦᠨᠤ ᠵᠢᠯ᠎ᠤᠨ 1 — 4 ᠳ᠋ᠤᠬᠡᠷ ᠰᠠᠷ᠎ᠠ᠎ᠳᠤ ᠮᠠᠨ᠎ᠤ ᠣᠷᠣᠨ᠎ᠤ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.4% ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 3.4 % ᠥᠨᠳᠥᠷ ᠪᠣᠯᠵᠤ᠂ ᠠᠵᠤ ᠦᠢ᠍ᠯᠡᠳᠪᠦᠷᠢ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 70% ᠵᠢ  ᠲᠠᠪᠠᠬᠰᠠᠨ ᠪᠠᠢ᠌ᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠵᠥᠪᠯᠡᠯ ᠶᠡᠷᠦᠩᠬᠡᠢ᠌ᠯᠡᠭᠰᠡᠨ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ ᠮᠠᠨ᠎ᠤ ᠣᠷᠣᠨ᠎ᠤ ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠲᠤᠰᠬᠠᠢ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠱᠠᠯᠠᠪᠳᠠᠭᠤᠯᠤᠨ ᠵᠢᠯᠤᠭᠣᠳᠴᠤ ᠪᠠᠢ᠌ᠴᠠᠭ᠋ᠠᠬᠤ ᠠᠵᠢᠯ ᠦᠷᠨᠢᠬᠦᠯᠪᠡ
ᠪᠦᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠵᠡᠢ
ᠮᠠᠨ᠎ᠤ ᠣᠷᠣᠨ᠎ᠤ 《ᠪᠠᠭ᠋ᠠᠴᠤᠳ ᠬᠡᠦᠬᠡᠳ ᠨᠠᠮ ᠵᠶ᠋ᠡᠨ ᠲᠠᠭ᠋ᠠᠵᠤ ᠰᠡᠳᠬᠢᠯ ᠵᠶ᠋ᠡᠨ ᠨᠢᠭᠡᠳᠬᠡᠨ ᠤᠯᠤᠰ ᠵᠶ᠋ᠠᠨ ᠬᠦᠴᠦᠷᠬᠡᠭᠵᠢᠭᠦᠯᠬᠦ ᠵᠡᠭᠦᠳᠦ ᠵᠢ ᠰᠡᠳᠬᠢᠯ ᠵᠶ᠋ᠡᠨ ᠨᠢᠬᠡᠳᠬᠡᠨ ᠬᠠᠮᠳᠤ᠎ᠪᠠᠷ ᠲᠡᠷᠭᠡᠯᠰᠢᠬᠦᠯᠤᠶ᠎ᠡ》 ᠬᠡᠬᠦ 《6 ·1》 ᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠢ ᠪᠡᠯᠭᠡᠯᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠡᠢ
ᠮᠠᠨ᠎ᠤ ᠣᠷᠣᠨ᠎ᠤ ᠨᠢᠭᠡᠳᠦᠮᠡᠯ ᠹᠷᠣᠨᠲ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠪᠠ
 
            