ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ 2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-05-26

     ᠮᠠᠨ᠎ᠤ ᠣᠷᠣᠨ 5 ᠳ᠋ᠤᠭ᠋ᠠᠷ ᠰᠠᠷ᠎ᠠ ᠵᠢᠨ 24᠎ᠤ ᠡᠳᠦᠷ  2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠭᠲᠠᠮᠠᠯ ᠬᠤᠭᠤᠴᠠᠭ᠋ᠠᠲᠤ ᠬᠢᠨᠠᠨ ᠪᠠᠢ᠌ᠴᠠᠭ᠋ᠠᠯᠲᠠ ᠵᠢᠨ ᠠᠵᠢᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠸᠢᠳᠢᠤ᠋ ᠬᠤᠷᠠᠯ ᠬᠤᠷᠠᠯᠳᠤᠭᠤᠯᠵᠤ᠂ 2022 ᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠢᠨᠠᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠵᠠᠷᠯᠠᠨ᠂ 2023 ᠣᠨ᠎ᠤ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠭᠲᠠᠮᠠᠯ ᠬᠤᠭᠤᠴᠠᠭ᠋ᠠᠲᠤ ᠬᠢᠨᠠᠨ ᠪᠠᠢ᠌ᠴᠠᠭ᠋ᠠᠯᠲᠠ ᠵᠢᠨ ᠠᠵᠢᠯ᠎ᠳᠤ  ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠮᠸ ᠶᠦᠩ ᠪᠥᠸᠧ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠢ᠌ᠴᠠᠭ᠋ᠠᠬᠤ ᠪᠡᠭᠡᠵᠢᠩ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠠᠵᠢᠯ᠎ᠤᠨ ᠱᠠᠭ᠋ᠠᠷᠳᠠᠯᠭ᠎ᠠ ᠳᠤᠷᠠᠳᠪᠠ᠃
     ᠬᠤᠷᠠᠯ᠎ᠠᠴᠠ ᠱᠠᠭ᠋ᠠᠷᠳᠠᠬᠰᠠᠨ᠎ᠨᠢ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ᠎ᠳᠤ ᠴᠢᠷᠮᠠᠢ᠌ᠨ ᠬᠠᠮᠵᠢᠯᠴᠠᠵᠤ᠂ ᠱᠠᠯᠠᠪᠳᠠᠭᠤᠯᠤᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠪᠣᠳᠠᠲᠠᠢ ᠰᠠᠢ᠌ᠲᠤᠷ ᠠᠳᠬᠤᠬᠤ ᠬᠡᠷᠡᠭᠲᠡᠢ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠨ ᠬᠠᠮᠢᠶᠠᠷᠤᠯᠲᠠ ᠡᠵᠡᠮᠳᠡᠯ᠎ᠢ ᠴᠢᠩᠳᠠᠯᠠᠵᠤ᠂ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠱᠠᠯᠠᠪᠳᠠᠭᠤᠯᠤᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠨ ᠭᠠᠵᠠᠷ ᠬᠡᠷᠡᠭᠯᠡᠬᠦ ᠠᠭᠤᠷᠬᠠᠢ ᠨᠡᠬᠡᠬᠡᠬᠦ ᠠᠵᠢᠯᠯᠠᠭ᠎ᠠ ᠵᠢ ᠡᠬᠢ᠎ᠠᠴᠠ᠎ᠨᠢ ᠰᠡᠷᠭᠡᠢ᠌ᠯᠡᠵᠦ᠂ ᠪᠠᠢ᠌ᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠪᠦᠬᠦ ᠣᠷᠣᠨ᠎ᠤ ᠴᠢᠨᠠᠷᠯᠢᠭ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠦᠢ᠍ᠯᠡᠴᠢᠯᠡᠬᠦ ᠵᠢ ᠪᠠᠲᠤᠯᠠᠬᠤ ᠬᠡᠷᠡᠭᠲᠡᠢ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦᠭᠦᠸ᠋ ᠳᠥᠷᠪᠡᠨ ᠰᠠᠷ᠎ᠠ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠤᠯᠤᠰ᠎ᠲᠤ ᠲᠡᠷᠢᠬᠦᠯᠡᠪᠡ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠵᠥᠪᠯᠡᠯ ᠶᠡᠷᠦᠩᠬᠡᠢ᠌ᠯᠡᠭᠰᠡᠨ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ ᠮᠠᠨ᠎ᠤ ᠣᠷᠣᠨ᠎ᠤ ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠲᠤᠰᠬᠠᠢ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠱᠠᠯᠠᠪᠳᠠᠭᠤᠯᠤᠨ ᠵᠢᠯᠤᠭᠣᠳᠴᠤ ᠪᠠᠢ᠌ᠴᠠᠭ᠋ᠠᠬᠤ ᠠᠵᠢᠯ ᠦᠷᠨᠢᠬᠦᠯᠪᠡ
ᠪᠦᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠵᠡᠢ
ᠮᠠᠨ᠎ᠤ ᠣᠷᠣᠨ᠎ᠤ 《ᠪᠠᠭ᠋ᠠᠴᠤᠳ ᠬᠡᠦᠬᠡᠳ ᠨᠠᠮ ᠵᠶ᠋ᠡᠨ ᠲᠠᠭ᠋ᠠᠵᠤ ᠰᠡᠳᠬᠢᠯ ᠵᠶ᠋ᠡᠨ ᠨᠢᠭᠡᠳᠬᠡᠨ ᠤᠯᠤᠰ ᠵᠶ᠋ᠠᠨ ᠬᠦᠴᠦᠷᠬᠡᠭᠵᠢᠭᠦᠯᠬᠦ ᠵᠡᠭᠦᠳᠦ ᠵᠢ ᠰᠡᠳᠬᠢᠯ ᠵᠶ᠋ᠡᠨ ᠨᠢᠬᠡᠳᠬᠡᠨ ᠬᠠᠮᠳᠤ᠎ᠪᠠᠷ ᠲᠡᠷᠭᠡᠯᠰᠢᠬᠦᠯᠤᠶ᠎ᠡ》 ᠬᠡᠬᠦ 《6 ·1》 ᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠢ ᠪᠡᠯᠭᠡᠯᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠡᠢ
 
            