ᠬᠦᠤᠳᠠᠭᠤᠯᠨ ᠶᠠᠷᠢᠶ᠎ᠠ ᠲᠠᠯᠪᠢᠵᠤ᠂ ᠪᠠᠢ ᠴᠢᠩ ᠶᠤᠸᠠᠨ᠂ ᠰᠦᠨ ᠵᠢᠶᠦ᠋ᠨ ᠴᠢᠩ ᠢᠯᠡᠳᠬᠡᠯ ᠬᠢᠪᠡ
ᠮᠠᠨ᠎ᠤ ᠣᠷᠣᠨ᠎ᠤ ᠨᠢᠭᠡᠳᠦᠮᠡᠯ ᠹᠷᠣᠨᠲ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ᠎ᠢ 6 ᠳ᠋ᠤᠭ᠋ᠠᠷ ᠰᠠᠷ᠎ᠠ ᠵᠢᠨ 14᠎ᠤ ᠡᠳᠦᠷ ᠬᠥᠬᠡᠬᠣᠲᠠ᠎ᠳᠤ ᠬᠤᠷᠠᠯᠳᠤᠭᠤᠯᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠦᠤᠳᠠᠭᠤᠯᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ᠎ᠠᠴᠠ ᠵᠢᠭ᠋ᠠᠬᠰᠠᠨ᠎ᠨᠢ᠂ ᠪᠦᠬᠦ ᠣᠷᠣᠨ᠎ᠤ ᠨᠢᠭᠡᠳᠦᠮᠡᠯ ᠹᠷᠣᠨᠲ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠣᠢ᠌ᠯᠠᠭ᠋ᠠᠨ ᠲᠤᠭᠤᠰᠢᠯᠠᠭᠤᠯᠬᠤ᠎ᠳᠤ᠎ᠪᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠠᠯᠢ ᠤᠯᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠨᠡᠪᠳᠡᠷᠡᠯᠴᠡᠬᠦᠯᠵᠤ᠂ 《ᠬᠣᠶᠠᠷ ᠢ ᠲᠤᠬᠳᠠᠭ᠋ᠠᠬᠰᠠᠨ》᠎ᠢ ᠪᠣᠳᠠᠲᠤ ᠠᠵᠢᠯᠯᠠᠭ᠎ᠠ᠎ᠪᠠᠷ ᠵᠶ᠋ᠠᠨ ᠬᠦᠷᠢᠶᠡᠯᠡᠵᠦ᠂ 《ᠬᠣᠶᠠᠷ ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠨᠢᠭᠡᠳᠦᠮᠡᠯ ᠹᠷᠣᠨᠲ᠎ᠤᠨ ᠬᠦᠴᠦᠷᠬᠡᠭ ᠶᠡᠬᠡ ᠡᠷᠳᠡᠨᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠪᠠᠢ᠌ᠷᠢ ᠲᠣᠭᠲᠠᠭ᠋ᠠᠯᠲᠠ ᠡᠭᠦᠷᠭᠡ ᠵᠢ ᠡᠷᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ ᠪᠠᠢ᠌ᠭ᠋ᠠᠳ ᠨᠢᠭᠡᠳᠦᠮᠡᠯ ᠹᠷᠣᠨᠲ᠎ᠤᠨ ᠬᠦᠷᠢᠶ᠎ᠡ ᠴᠠᠷᠠᠭ᠋ᠠᠨ᠎ᠳᠤ᠎ᠬᠢ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠬᠦᠴᠦᠨ ᠨᠡᠮᠡᠷᠢᠯᠡᠬᠦ ᠲᠠᠯ᠎ᠠ᠎ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠬᠦ ᠬᠡᠷᠡᠭᠲᠡᠢ᠃
ᠬᠤᠷᠠᠯ ᠳᠡᠭᠡᠷ᠎ᠡ ᠪᠠᠢ ᠴᠢᠩ ᠶᠤᠸᠠᠨ᠂ ᠵᠤᠤ ᠵᠢᠢ᠂ ᠵᠢᠨ ᠵᠤᠸᠠᠡᠭ᠂ ᠰᠦᠨ ᠵᠢᠶᠦ᠋ᠨ ᠴᠢᠩ᠂ ᠶᠦᠨ ᡁᠢ ᠾᠧᠦ᠂ ᠢᠦᠢ ᠷᠧᠨ ᠵᠢᠶᠸ ᠨᠠᠷ ᠢᠯᠡᠳᠬᠡᠯ ᠬᠢᠪᠡ᠃