ᠬᠤᠸᠠᠩ ᡁᠢ ᠴᠢᠶᠠᠩ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠵᠥᠪᠯᠡᠯ᠎ᠤᠨ ᠶᠡᠷᠦᠩᠬᠡᠢ᠌ᠯᠡᠭᠰᠡᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠵᠢᠯᠤᠭᠣᠳᠴᠤ ᠪᠠᠢ᠌ᠴᠠᠭ᠋ᠠᠭᠰᠠᠨ ᠰᠠᠨᠠᠯ᠎ᠤᠨ ᠲᠤᠬᠠᠢ ᠶᠠᠷᠢᠯᠴᠠᠬᠤ ᠬᠤᠷᠠᠯ 5 ᠳ᠋ᠤᠭ᠋ᠠᠷ ᠰᠠᠷ᠎ᠠ ᠵᠢᠨ 30᠎ᠤ ᠡᠳᠦᠷ ᠬᠥᠬᠡᠬᠣᠲᠠ᠎ᠳᠤ ᠬᠤᠷᠠᠯᠳᠤᠪᠠ᠃ ᠶᠡᠷᠦᠩᠬᠡᠢ᠌ᠯᠡᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠲᠠᠩ ᠵᠧᠩ ᠭᠦᠸᠧ ᠬᠤᠷᠠᠯ᠎ᠢ ᠡᠷᠭᠢᠯᠡᠭᠰᠡᠨ ᠪᠥᠭᠡᠳ ᠰᠠᠨᠠᠯ ᠵᠶ᠋ᠡᠨ ᠲᠤᠰᠬᠠᠵᠤ᠂ ᠶᠡᠷᠦᠩᠬᠡᠢ᠌ᠯᠡᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠢᠦᠢ ᠳ᠋ᠧ ᠰᠢᠤᠸᠠᠨ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠪᠠ᠃
ᠶᠡᠷᠦᠩᠬᠡᠢ᠌ᠯᠡᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠴᠢᠬᠤᠯᠠᠴᠢᠯᠠᠭᠰᠠᠨ᠎ᠨᠢ᠂ ᠬᠥᠭᠵᠢᠯᠲᠡ ᠪᠣᠯᠣᠨ ᠠᠶᠤᠯ ᠦᠬᠡᠢ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯ ᠦᠬᠡᠢ ᠦᠢ᠍ᠯᠡᠳᠪᠦᠷᠢᠯᠡᠯ᠎ᠤᠨ ᠳᠠᠪᠬᠤᠷ ᠰᠡᠷᠭᠡᠢ᠌ᠯᠡᠯᠲᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠶᠤᠯ ᠦᠬᠡᠢ ᠦᠢ᠍ᠯᠡᠳᠪᠦᠷᠢᠯᠡᠯ᠎ᠤᠨ ᠬᠥᠮᠥᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ ᠠᠷᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠦᠨᠳᠦ ᠶᠡᠬᠡ ᠡᠨᠳᠡᠯ᠎ᠤᠨ ᠭᠡᠮ ᠰᠣᠭᠣᠭ᠎ᠢ ᠭᠦᠨᠵᠡᠭᠡᠢ ᠪᠠᠢ᠌ᠴᠠᠭ᠋ᠠᠨ ᠴᠡᠭᠴᠡᠯᠡᠵᠦ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠢ᠃
ᠬᠤᠸᠠᠩ ᡁᠢ ᠴᠢᠶᠠᠩ ᠢᠯᠡᠷᠬᠡᠢ᠌ᠯᠡᠭᠰᠡᠨ᠎ᠨᠢ᠂ ᠶᠡᠷᠦᠩᠬᠡᠢ᠌ᠯᠡᠨ ᠪᠠᠢ᠌ᠴᠠᠭ᠋ᠠᠬᠤ ᠳᠤᠭᠤᠢ᠌ᠯᠠᠩ᠎ᠤᠨ ᠲᠤᠰᠬᠠᠭᠰᠠᠨ ᠠᠰᠠᠭᠤᠳᠠᠯ ᠪᠠ ᠰᠠᠨᠠᠭᠤᠯᠭ᠎ᠠ ᠵᠢ ᠳᠠᠷᠤᠢ ᠬᠦᠢ᠍ᠴᠡᠳᠬᠡᠵᠤ᠂ ᠲᠠᠷᠤᠢ ᠦᠬᠡᠷᠡᠴᠢᠯᠡᠨ᠂ ᠨᠠᠢ᠌ᠳᠠᠪᠤᠷᠢᠵᠢᠭᠤᠯᠤᠯᠲᠠ ᠵᠢ ᠶᠤᠰᠤᠴᠢᠯᠠᠨ ᠰᠠᠢ᠌ᠲᠤᠷ ᠠᠳᠬᠤᠵᠤ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠡᠨᠳᠡᠯ᠎ᠤᠨ ᠰᠤᠷᠭ᠋ᠠᠮᠵᠢ ᠵᠢ ᠭᠦᠨᠵᠡᠭᠡᠢ ᠭᠥᠯᠢᠶᠡᠨ ᠠᠪᠴᠤ᠂ ᠠᠮᠤᠷ ᠲᠦᠪᠰᠢᠨ᠎ᠤ ᠲᠦᠭᠰᠢᠭᠦᠷᠢ ᠵᠢ ᠴᠢᠷᠮᠠᠢ᠌ᠨ ᠰᠡᠷᠭᠡᠢ᠌ᠯᠡᠨ᠂ ᠪᠥᠬᠥ ᠣᠷᠣᠨ᠎ᠤ ᠨᠡᠢ᠌ᠭᠡᠮ᠎ᠤᠨ ᠣᠷᠴᠢᠨ ᠲᠣᠭᠣᠷᠢᠨ᠎ᠤ ᠠᠮᠤᠷ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ᠃