ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ᠎ᠲᠤ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠰᠢᠯᠢ ᠵᠢᠨ ᠭᠣᠣᠯ ᠠᠢ᠌ᠮᠠᠭ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠬᠦᠷᠴᠡᠢ
ᠨᠡᠶᠢᠲᠡᠯᠡᠭᠰᠡᠨ ᠴᠠᠭ᠄ 2023-07-19

ᠶᠤᠤ ᠶᠦᠩ ᠪᠥᠸᠧ᠂ ᠳᠠᠶ᠋ᠢᠴᠢᠨ᠂ ᠶᠠᠩ ᠵᠢᠶᠧ ᠨᠠᠷ ᠤᠬᠠᠭᠤᠯᠤᠨ ᠲᠠᠢ᠌ᠯᠪᠤᠷᠢᠯᠠᠪᠠ

    ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠤᠷᠴᠢᠮ᠎ᠳᠤ ᠰᠢᠯᠢ ᠵᠢᠨ ᠭᠣᠣᠯ ᠠᠢ᠌ᠮᠠᠭ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠬᠦᠷᠴᠦ ᠤᠬᠠᠭᠤᠯᠤᠨ ᠲᠠᠢ᠌ᠯᠪᠤᠷᠢᠯᠠᠪᠠ᠃
   ᠰᠢᠯᠢ ᠵᠢᠨ ᠭᠣᠣᠯ ᠠᠢ᠌ᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠤᠬᠠᠭᠤᠯᠤᠨ ᠲᠠᠢ᠌ᠯᠪᠤᠷᠢᠯᠠᠬᠤ᠎ᠳᠤ᠎ᠪᠠᠨ᠂ ᠰᠢ ᠵᠢᠨ ᠫᠢᠩ ᠶᠡᠷᠦᠩᠬᠡᠢ ᠱᠦᠵᠢ ᠵᠢᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠵᠠᠪᠠᠯ ᠪᠠᠲᠤ ᠴᠡᠭᠡᠵᠢᠯᠡᠵᠦ᠂ ᠲᠠᠪᠤᠨ ᠶᠡᠬᠡ ᠡᠭᠦᠷᠭᠡ ᠵᠢ  ᠴᠢᠨᠠᠷᠵᠢᠭᠤᠨ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ ᠵᠶ᠋ᠠᠷ ᠪᠠᠷᠢᠴᠨ ᠪᠣᠯᠭ᠋ᠠᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠤᠶᠠᠯᠳᠤᠴᠨ᠂ ᠭᠠᠷᠳᠠᠴᠨ ᠵᠢ ᠣᠨᠣᠪᠴᠢᠲᠠᠢ ᠣᠯᠵᠤ᠂ ᠠᠵᠢᠯ᠎ᠤᠨ ᠰᠡᠳᠬᠢᠴᠡ ᠪᠠ ᠠᠷᠭ᠎ᠠ᠎ᠪᠠᠨ ᠲᠡᠭᠦᠯᠳᠡᠷᠵᠢᠭᠦᠯᠵᠦ᠂ ᠰᠢ ᠵᠢᠨ ᠫᠢᠡᠭ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠣᠳᠠᠲᠠᠢ ᠠᠵᠢᠯ᠎ᠤᠨ ᠳᠤᠮᠳᠠ᠎ᠪᠠᠨ ᠦᠨᠡᠨ ᠬᠦ᠌ ᠨᠠᠢ᠌ᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠳᠡᠭᠡᠷ᠎ᠡ᠎ᠪᠠᠨ ᠢᠯᠡᠷᠡᠭᠦᠯᠬᠦ ᠬᠡᠷᠡᠭᠲᠡᠢ᠃ ᠰᠢᠯᠢ ᠵᠢᠨ ᠭᠣᠣᠯ ᠠᠢ᠌ᠮᠠᠭ᠎ᠤᠨ᠎ᠬᠢᠨ ᠠᠵᠢᠯ ᠦᠢ᠍ᠯᠡᠰ᠎ᠤᠨ ᠬᠥᠭᠵᠢᠯᠲᠡ᠎ᠪᠠᠨ ᠡᠬᠦᠳᠤᠯᠴᠢ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠳᠤᠮᠳᠠ ᠰᠢᠨ᠎ᠡ ᠵᠠᠮ᠎ᠢ ᠨᠡᠭᠡᠭᠡᠵᠦ᠂ ᠥᠪᠥᠷ ᠮᠣᠩᠭᠣᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ ᠤᠯᠤᠰ᠎ᠤᠨ ᠲᠤᠮᠳᠠ ᠲᠦᠪᠰᠢᠨ᠎ᠳᠤ ᠬᠦᠷᠤᠬᠦᠯᠬᠦ》 ᠲᠡᠮᠡᠴᠡᠯ᠎ᠤᠨ ᠶᠠᠪᠤᠴᠠ᠎ᠳᠤ ᠰᠢᠯᠢᠳᠡᠭ ᠰᠢᠯᠭ᠋ᠠᠯᠲᠠ ᠵᠢᠨ ᠬᠠᠭᠤᠳᠠᠰᠤ ᠲᠤᠰᠢᠶᠠᠬᠤ᠎ᠪᠠᠷ ᠴᠢᠷᠮᠠᠢ᠌ᠬᠤ ᠬᠡᠷᠡᠭᠲᠡᠢ ᠬᠡᠵᠡᠢ᠃
   ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ 7 ᠳ᠋ᠤᠭ᠋ᠠᠷ ᠰᠠᠷ᠎ᠠ ᠵᠢᠨ 18᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠳᠤ ᠭᠦᠨᠵᠡᠭᠡᠢ᠌ᠷᠡᠨ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠳᠠᠢ᠍ᠢ᠍ᠴᠢᠨ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠢ ᠬᠠᠯᠠᠮᠵᠢᠯᠠᠨ ᠬᠠᠢ᠌ᠷᠠᠯᠠᠵᠤ ᠪᠠᠢ᠌ᠭ᠎ᠠ ᠰᠡᠳᠬᠢᠯ᠎ᠢ ᠭᠦᠨᠵᠡᠭᠡᠢ ᠣᠢ᠌ᠯᠠᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ  ᠴᠢᠬᠤᠯᠠ ᠶᠠᠷᠢᠶᠠᠨ ᠎ᠤ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠰᠢ ᠵᠢᠨ ᠫᠢᠡᠭ ᠶᠡᠷᠦᠩᠬᠡᠢ ᠱᠦᠵᠢ ᠵᠢᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠲᠠᠢ ᠠᠬᠢᠭᠤᠯᠵᠤ᠂ ᠭᠤᠷᠪᠠᠨ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠳᠡᠢ ᠬᠡᠰᠡᠨ ᠪᠦᠬᠡᠳ ᠪᠦᠬᠦ ᠲᠠᠯ᠎ᠠ᠎ᠪᠠᠷ ᠭᠦᠨᠵᠡᠭᠡᠢ ᠲᠠᠢ᠌ᠯᠪᠤᠷᠢᠯᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠵᠤ᠂ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ 《ᠭᠤᠷᠪᠠᠨ ᠶᠡᠬᠡ ᠪᠡᠯᠭᠡ ᠲᠡᠮᠳᠡᠭᠴᠢ ᠴᠢᠨᠠᠷᠳᠠᠢ ᠳᠠᠢ᠌ᠯᠠᠯᠳᠤᠭ᠋ᠠᠨ》 ᠎ᠢ ᠰᠠᠢ᠌ᠲᠤᠷ ᠬᠢᠬᠦ᠂ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠥᠷᠨᠢᠭᠦᠯᠬᠦ ᠵᠡᠷᠭᠡ ᠲᠠᠯ᠎ᠠ᠎ᠪᠠᠷ ᠰᠠᠨᠠᠯ ᠵᠶ᠋ᠠᠨ ᠰᠣᠯᠢᠯᠴᠠᠪᠠ᠃
     ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠠᠷᠤᠭ᠎ᠠ ᠶᠠᠩ ᠵᠢᠶᠸ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠤᠬᠠᠭᠤᠯᠤᠨ ᠲᠠᠢ᠌ᠯᠪᠤᠷᠢᠯᠠᠬᠤ᠎ᠳᠤ᠎ᠪᠠᠨ᠂ 《ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠠᠴᠠ ᠡᠷᠡᠯᠬᠡᠭᠯᠡᠨ ᠤᠷᠤᠭᠰᠢᠯᠠᠬᠤ ᠬᠦᠴᠦᠨ ᠣᠯᠵᠤ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠡᠷ᠂ 《ᠦᠵᠡᠯ ᠰᠠᠨᠠᠭ᠎ᠠ ᠵᠢ ᠰᠤᠷᠤᠯᠴᠠᠬᠤ》 ᠳᠤᠮᠳᠠ ᠤᠶᠤᠨ ᠰᠠᠨᠠᠭ᠋ᠠᠨ᠎ᠤ ᠤᠬᠢᠶᠠᠯ ᠬᠦᠷᠳᠡᠬᠦ᠂ 《ᠨᠠᠮᠴᠢ ᠴᠢᠨᠠᠷ᠎ᠢ ᠴᠢᠩᠭ᠋ᠠᠳᠬᠠᠬᠤ》 ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ 《ᠦᠢ᠍ᠯᠡᠳᠦᠯᠭᠡ ᠵᠢ ᠴᠢᠬᠤᠯᠠᠴᠢᠯᠠᠬᠤ》 ᠳᠤᠮᠳᠠ ᠵᠣᠷᠢᠯᠲᠠ ᠵᠢᠨ ᠤᠬᠠᠮᠰᠠᠷ ᠵᠶ᠋ᠠᠨ ᠪᠠᠲᠤᠳᠬᠠᠬᠤ᠂ 《ᠰᠢᠨ᠎ᠡ ᠭᠠᠪᠢᠶ᠎ᠠ ᠪᠠᠶ᠋ᠢᠭᠤᠯᠬᠤ》 ᠳᠤᠮᠳᠠ ᠴᠠᠭ᠋ᠠᠷᠠᠭᠰᠠᠨ ᠴᠢᠳᠠᠪᠤᠷᠢ᠎ᠪᠠᠨ ᠪᠠᠲᠤᠳᠬᠠᠬᠤ ᠵᠡᠷᠭᠡ ᠵᠢᠨ ᠲᠣᠭᠣᠷᠢᠨ᠎ᠳᠤ ᠲᠠᠢ᠌ᠯᠤᠮᠵᠢ ᠬᠢᠪᠡ᠃ ᠲᠠᠢ᠌ᠯᠤᠮᠵᠢ ᠵᠢ ᠰᠣᠨᠤᠰᠤᠬᠰᠠᠳ᠂ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠴᠢᠳᠠᠯ ᠵᠶ᠋ᠠᠨ ᠡᠷᠭᠦᠨ᠎ᠡ  ᠬᠡᠵᠡᠬᠡᠪᠡ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠬᠥᠯᠥᠨ ᠪᠣᠶ᠋ᠢᠷ ᠬᠣᠲᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠳᠤ ᠤᠬᠠᠭᠤᠯᠤᠨ ᠲᠠᠢ᠌ᠯᠪᠤᠷᠢᠯᠠᠪᠠ
《ᠪᠣᠷᠣᠳᠣᠬᠣᠢ ᠵᠢᠨ ᠬᠥᠮᠥᠨ》᠎ᠢ ᠢᠯᠡᠷᠡᠭᠦᠯᠦᠭᠰᠡᠨ100 ᠵᠢᠯ᠎ᠤᠨ ᠤᠢ ᠵᠢᠨ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠬᠤᠷᠠᠯ ᠡᠬᠢᠯᠡᠵᠤ᠂ ᠶᠠᠩ ᠵᠢᠨ ᠪᠠᠶᠠᠷ᠎ᠤᠨ ᠦᠭᠡ ᠬᠡᠯᠡᠵᠦ᠂ ᠴᠧᠨ ᠹᠠ ᠬᠤ᠌ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠷᠠᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠭᠵᠢᠬᠦᠯᠤᠯᠳᠡ ᠵᠢᠨ ᠶᠡᠬᠡ ᠬᠤᠷᠠᠯ ᠬᠤᠷᠠᠯᠳᠤᠵᠤ᠂ ᠾᠧ ᠪᠦᠦ ᠰᠢᠶᠠᠩ ᠶᠠᠷᠢᠶ᠎ᠠ ᠲᠠᠯᠪᠢᠵᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠ ᠤᠨᠴᠠᠭ᠋ᠠᠢ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠲᠡᠭᠦᠰ ᠠᠮᠵᠢᠯᠳᠠ᠎ᠲᠠᠢ ᠦᠨᠳᠤᠷᠯᠡᠵᠤ᠂ ᠴᠢ ᠪᠠᠳᠤ ᠴᠤᠬᠯᠠᠭ᠋ᠠᠨ ᠦᠨᠳᠤᠷᠯᠡᠭᠰᠡᠨ᠎ᠢ ᠵᠠᠷᠯᠠᠪᠠ
 
            