ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 8 ᠳ᠋ᠤᠭ᠋ᠠᠷ ᠰᠠᠷ᠎ᠠ ᠵᠢᠨ 1᠎ᠤ ᠡᠳᠦᠷ 《ᠪᠥᠬᠥ ᠣᠷᠣᠨ᠎ᠤ ᠭᠠᠵᠠᠷ ᠰᠢᠷᠣᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠰᠡᠳᠦᠪᠲᠦ ᠵᠥᠪᠯᠡᠬᠦ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠮᠠᠨ᠎ᠤ ᠣᠷᠣᠨ᠎ᠤ ᠭᠠᠵᠠᠷ ᠰᠢᠷᠣᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠵᠢᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠴᠡᠴᠡᠭ ᠶᠠᠷᠢᠶ᠎ᠠ ᠲᠠᠯᠪᠢᠪᠠ᠃
ᠬᠤᠷᠠᠯ᠎ᠳᠤ ᠣᠷᠣᠯᠴᠠᠭᠰᠠᠳ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠠᠷ ᠵᠥᠪᠯᠡᠬᠦ ᠰᠡᠳᠦᠪ᠎ᠲᠤ ᠴᠢᠭᠯᠡᠭᠦᠯᠦᠨ ᠰᠠᠨᠠᠭᠤᠯᠭ᠎ᠠ ᠳᠤᠷᠠᠳᠬᠤ ᠵᠢᠨ ᠬᠠᠮᠲᠤ ᠵᠥᠪᠳᠡᠯᠴᠡᠪᠡ᠃
ᠦᠵᠡᠯᠲᠡ᠎ᠪᠠᠨ ᠬᠤᠪᠢᠷᠠᠭᠤᠯᠵᠤ᠂ ᠲᠥᠯᠦᠪᠵᠢᠭᠦᠯᠭᠡ᠎ᠪᠠᠷ ᠳᠠᠭ᠋ᠠᠭᠤᠯᠬᠤ ᠠᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠤᠯᠠᠨ ᠠᠷᠭ᠎ᠠ᠎ᠪᠠᠷ ᠳᠡᠭᠡᠭᠰᠢᠯᠡᠭᠦᠯᠵᠦ᠂ ᠬᠤᠳᠠ ᠪᠠᠯᠭ᠋ᠠᠰᠤᠨ᠎ᠤ ᠳᠣᠣᠷ᠎ᠠ ᠠᠰᠢᠭᠯᠠᠮᠵᠢ᠎ᠲᠠᠢ ᠭᠠᠵᠠᠷ ᠰᠢᠷᠣᠢ ᠵᠢ ᠲᠠᠬᠢᠨ ᠨᠡᠭᠡᠭᠡᠨ ᠠᠰᠢᠭᠯᠠᠬᠤ ᠵᠢ ᠶᠡᠬᠡ᠎ᠪᠠᠷ ᠠᠬᠢᠭᠤᠯᠤᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠭᠠᠵᠠᠷ ᠰᠢᠷᠣᠢ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠭᠠᠵᠠᠷ ᠰᠢᠷᠣᠢ ᠵᠢᠨ ᠳᠠᠪᠠᠭᠤᠯᠢᠭ᠎ᠢ ᠦᠨᠡᠨ ᠬᠦ᠌ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠤᠯᠠᠨ ᠵᠶ᠋ᠡᠷ ᠵᠶ᠋ᠡᠨ ᠰᠠᠨᠠᠯ ᠨᠢᠭᠡᠲᠡᠢ ᠦᠵᠡᠪᠡ᠃