《ᠪᠣᠷᠣᠳᠣᠬᠣᠢ ᠵᠢᠨ ᠬᠥᠮᠥᠨ》 ᠢ ᠢᠯᠡᠷᠡᠭᠦᠯᠦᠭᠰᠡᠨ 100 ᠵᠢᠯ᠎ᠤᠨ ᠤᠢ ᠵᠢᠨ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠤᠨ ᠬᠤᠷᠠᠯ 8 ᠳ᠋ᠤᠭ᠋ᠠᠷ ᠰᠠᠷ᠎ᠠ ᠵᠢᠨ 14 ᠤ ᠡᠳᠦᠷ ᠣᠷᠳᠣᠰ ᠬᠤᠳᠠ ᠵᠢᠨ ᠦᠦᠰᠢᠨ ᠬᠣᠰᠢᠭᠤᠨ᠎ᠳᠤ ᠡᠬᠢᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ 160 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠯ᠎ᠳᠤ ᠣᠷᠣᠯᠴᠠᠵᠤ᠂ 30 ᠭᠠᠷᠤᠢ ᠲᠤᠰᠬᠠᠢ ᠮᠡᠷᠭᠡᠵᠢᠯᠲᠡᠨ ᠭᠣᠣᠯ ᠵᠤᠷᠢᠯᠳᠠᠳᠤ ᠶᠠᠷᠢᠶ᠎ᠠ ᠲᠠᠯᠪᠢᠵᠠᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠪᠠᠶᠠᠷ᠎ᠤᠨ ᠦᠭᠡ ᠬᠡᠯᠡᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠴᠧᠨ ᠹᠠ ᠬᠤ᠌ ᠶᠠᠷᠢᠶ᠎ᠠ ᠲᠠᠯᠪᠢᠵᠠᠢ᠃
ᠬᠤᠷᠠᠯ᠎ᠠᠴᠠ ᠲᠤᠷᠠᠳᠤᠬᠰᠠᠨ᠎ᠨᠢ᠂ ᠲᠤᠰᠬᠠᠢ ᠮᠡᠷᠬᠡᠵᠢᠯᠳᠡᠳ᠂ ᠡᠷᠳᠡᠮᠳᠡᠳ ᠪᠠ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯᠲᠠᠳ ᠲᠤᠰ ᠶᠠᠷᠢᠶᠠᠨ᠎ᠤ ᠲᠠᠪᠴᠠᠩ ᠵᠶ᠋ᠠᠷ ᠠᠵᠠ ᠲᠣᠬᠢᠶᠠᠯ ᠪᠣᠯᠭ᠋ᠠᠵᠤ᠂ ᠥᠪᠥᠷ ᠮᠣᠩᠭᠣᠯ᠎ᠳᠤ᠎ᠬᠢ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ ᠢᠨᠵᠧᠨᠧᠷᠢᠩ᠎ᠳᠤ ᠢᠳᠡᠪᠬᠢᠲᠡᠢ ᠣᠷᠣᠯᠴᠠᠵᠤ᠂ 《ᠤᠮᠠᠷᠠᠲᠤ ᠵᠢᠨ ᠰᠣᠶᠣᠯ》 ᠤᠨ ᠲᠦᠷᠦᠯ ᠲᠡᠮᠳᠡᠭ᠎ᠢ ᠡᠭᠦᠳᠬᠦ᠎ᠳᠤ ᠲᠡᠦᠬᠡ ᠰᠣᠶᠣᠯ᠎ᠤᠨ ᠰᠠᠭᠤᠷᠢ ᠵᠢ ᠪᠠᠲᠤᠳᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠦᠢ᠍ᠯᠡᠳᠦᠯᠭᠡ᠎ᠳᠤ ᠪᠣᠯᠪᠠᠰᠤᠨ᠎ᠤ ᠠᠭᠤᠯᠬᠤᠨ᠎ᠢ ᠣᠯᠭᠣᠬᠤ ᠵᠢ ᠬᠦᠰᠡᠵᠦ ᠪᠠᠢ᠌ᠨ᠎ᠠ᠃