ᠴᠢ ᠪᠠᠲᠤ᠂ ᠶᠠᠩ ᠵᠢᠨ᠂ ᠪᠠᠢ ᠴᠢᠩ ᠶᠤᠸᠠᠨ ᠨᠠᠷ ᠤᠬᠠᠭᠤᠯᠤᠨ ᠲᠠᠢ᠌ᠯᠪᠤᠷᠢᠯᠠᠵᠠᠢ
ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ ᠤᠷᠴᠢᠮ᠎ᠳᠤ ᠬᠥᠯᠥᠨ ᠪᠤᠢ᠍ᠢ᠍ᠷ ᠬᠤᠳᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠳᠤ ᠤᠬᠠᠭᠤᠯᠤᠨ ᠲᠠᠢ᠌ᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠬᠥᠯᠥᠨ ᠪᠣᠶ᠋ᠢᠷ ᠬᠣᠲᠠ᠎ᠳᠤ 《ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ᠎ᠬᠢ ᠭᠦᠨ ᠵᠤᠵᠠᠭ᠋ᠠᠨ ᠬᠠᠢ᠌ᠷ᠎ᠠ ᠬᠠᠯᠠᠮᠵᠢ ᠵᠢ ᠭᠦᠨᠵᠡᠭᠡᠢ ᠣᠢ᠌ᠯᠠᠭ᠋ᠠᠬᠤ》 《ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠬᠤ》 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠰᠢ ᠵᠢᠨ ᠫᠢᠩ ᠤ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠯᠠᠪᠳᠠᠭᠤᠨ ᠠᠬᠢᠭᠤᠯᠬᠤ》 ᠭᠤᠷᠪᠠᠨ ᠲᠠᠯ᠎ᠠ᠎ᠪᠠᠷ ᠭᠦᠨᠵᠡᠭᠡᠢ ᠪᠥᠭᠡᠳ ᠣᠢ᠌ᠯᠠᠭ᠋ᠠᠮᠵᠢᠲᠠᠢ᠂ ᠪᠦᠬᠦ ᠲᠠᠯ᠎ᠠ᠎ᠪᠠᠷ ᠰᠢᠰᠲᠸᠮ᠎ᠲᠠᠢ ᠲᠠᠢ᠌ᠯᠪᠤᠷᠢᠯᠠᠬᠰᠠᠨ᠎ᠨᠢ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨ ᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠢᠳᠡᠪᠬᠢᠲᠡᠢ ᠠᠬᠢᠭᠤᠯᠬᠤ ᠦᠢ᠍ᠯᠡᠳᠦᠯ᠎ᠲᠠᠢ ᠶᠤᠮ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ᠎ᠬᠢ ᠬᠠᠢ᠌ᠷ᠎ᠠ ᠬᠠᠯᠠᠮᠵᠢ ᠵᠢ ᠭᠦᠨ ᠤᠢ᠌ᠯᠠᠭ᠋ᠠᠬᠤ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠤᠢ᠌ᠯᠠᠭ᠋ᠠᠬᠤ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠬᠤ᠎ᠪᠠᠷ ᠪᠠᠷᠢᠴᠨ ᠪᠤᠯᠭ᠋ᠠᠬᠤ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠭᠦᠨᠵᠡᠭᠡᠢ ᠲᠠᠢ᠌ᠯᠪᠤᠷᠢᠯᠠᠬᠰᠠᠨᠤ ᠬᠠᠮᠳᠤ ᠪᠦᠬᠦ ᠣᠷᠣᠨ᠎ᠤ ᠷᠠᠳᠢᠣ᠋ ᠲᠧᠯᠸᠢᠰ᠎ᠤᠨ ᠰᠢᠰᠲᠸᠮ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠠᠩᠬᠠᠷᠤᠯ ᠪᠠ ᠬᠦᠴᠦᠨ ᠵᠶ᠋ᠡᠨ ᠲᠥᠪᠯᠡᠷᠡᠭᠦᠯᠵᠦ ᠪᠠᠢ᠌ᠭ᠋ᠠᠳ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠰᠢᠨ᠎ᠡ ᠵᠠᠮ᠎ᠢ ᠨᠡᠭᠡᠭᠡᠬᠦ᠂ ᠪᠦᠬᠦ ᠤᠯᠤᠰ᠎ᠤᠨ ᠲᠤᠮᠳᠠ ᠲᠦᠪᠰᠢᠨ᠎ᠳᠤ ᠣᠷᠣᠬᠤ ᠬᠠᠷᠠᠯᠲᠠ ᠲᠡᠢ᠌ᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠱᠠᠭ᠋ᠠᠷᠳᠠᠵᠠᠢ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠳᠤ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ》 ᠭᠡᠬᠦ ᠰᠡᠳᠦᠪ ᠵᠶ᠋ᠡᠷ ᠮᠡᠳᠡᠭᠦᠯᠦᠯᠲᠡ ᠬᠢᠬᠦ᠎ᠳᠤ᠎ᠪᠠᠨ ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠠᠵᠢᠯ᠎ᠤᠨ ᠪᠣᠳᠠᠲᠤ ᠪᠠᠢ᠌ᠳᠠᠯ ᠲᠠᠢ ᠤᠶᠠᠯᠳᠤᠭᠤᠯᠤᠨ᠂ ᠠᠮᠢᠳᠤᠯᠢᠭ ᠪᠣᠳᠠᠲᠤ ᠵᠢᠱ᠌ᠢᠶ᠎ᠡ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠢᠰᠲ᠋ᠧᠮ᠎ᠲᠠᠢ ᠲᠣᠳᠣᠷᠬᠠᠢ᠌ᠯᠠᠨ ᠲᠠᠢ᠌ᠯᠪᠤᠷᠢᠯᠠᠬᠤ ᠵᠢᠨ ᠬᠠᠮᠳᠤ ᠤᠯᠠᠨ ᠵᠶ᠋ᠠᠷ ᠵᠶ᠋ᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠠᠯᠪᠢᠭᠰᠠᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ᠂ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠰᠢᠷᠭ᠋ᠠᠭᠤ ᠬᠠᠲᠠᠭᠤᠵᠢᠯᠲᠠᠢ ᠪᠦᠬᠡᠳ ᠪᠣᠳᠠᠲᠠᠢ ᠠᠵᠢᠯᠯᠠᠵᠤ᠂ ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢᠨ ᠬᠣᠰᠢᠭᠤᠴᠢ ᠪᠤᠯᠤᠭ᠋ᠠᠷᠠᠢ ᠭᠡᠵᠦ ᠵᠣᠷᠢᠭᠵᠢᠭᠤᠯᠪᠠ᠃