ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠠᠶᠤᠯ ᠦᠬᠡᠢ ᠦᠢ᠍ᠯᠡᠳᠪᠦᠷᠢᠯᠡᠯ ᠪᠤᠯᠤᠨ ᠨᠠᠮᠤᠷ ᠡᠪᠦᠯ᠎ᠤᠨ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠲᠡᠬᠡᠷ᠎ᠡ ᠶᠠᠷᠢᠶ᠎ᠠ ᠲᠠᠯᠪᠢᠵᠤ᠂ ᠪᠦᠦ ᠰᠢᠶᠠᠨ ᠬᠤᠸᠠ᠂ ᠳᠠᠢ᠍ᠢ᠍ᠴᠢᠨ ᠶᠠᠩ ᠵᠢᠨ ᠨᠠᠷ ᠬᠤᠷᠠᠯ᠎ᠳᠤ ᠣᠷᠣᠯᠴᠠᠵᠠᠢ
ᠨᠡᠶᠢᠲᠡᠯᠡᠭᠰᠡᠨ ᠴᠠᠭ᠄ 2023-09-13

   ᠪᠥᠬᠥ ᠣᠷᠣᠨ᠎ᠤ ᠠᠶᠤᠯ ᠦᠭᠡᠢ ᠦᠢ᠍ᠯᠡᠳᠪᠦᠷᠢᠯᠡᠯ ᠪᠤᠯᠤᠨ ᠨᠠᠮᠤᠷ ᠡᠪᠦᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠵᠢᠯ᠎ᠤᠨ ᠲᠧᠯᠸᠢᠰ ᠳ᠋ᠢᠶᠠᠩᠬᠤᠸᠠ 9 ᠳ᠋ᠣᠬᠡᠷ  ᠰᠠᠷ᠎ᠠ ᠵᠢᠨ 12᠎ᠤᠨ ᠡᠳᠦᠷ ᠬᠤᠷᠠᠯ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠳᠠᠶ᠋ᠢᠴᠢᠨ᠂ ᠶᠠᠩ ᠵᠢᠨ ᠨᠠᠷ ᠬᠤᠷᠠᠯ᠎ᠳᠤ ᠣᠷᠣᠯᠴᠠᠵᠠᠢ᠃
   ᠬᠤᠸᠠᠩ ᡁᠢ ᠴᠢᠶᠠᠩ ᠵᠢᠭ᠋ᠠᠬᠰᠠᠨ᠎ᠨᠢ᠂ ᠦᠨᠤ ᠵᠢᠯ ᠪᠦᠬᠦ ᠣᠷᠣᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠳᠠᠯ ᠲᠤᠢ᠌ᠯ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢ᠌ᠨ᠎ᠠ᠂ ᠭᠦᠨᠵᠡᠭᠡᠢ ᠰᠤᠷᠭ᠋ᠠᠮᠵᠢ ᠠᠪᠴᠤ᠂ ᠲᠥᠪ ᠴᠢᠩᠭ᠎ᠠ ᠲᠤᠩᠭ᠋ᠠᠨ᠂  ᠶᠠᠡᠭ ᠢᠯᠳᠠᠷ ᠬᠠᠶᠠᠯ ᠦᠬᠡᠢ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠨᠡᠩ ᠡᠷᠡᠰ ᠴᠢᠩᠭ᠎ᠠ ᠬᠦᠴᠦᠲᠡᠢ ᠠᠷᠭ᠎ᠠ᠎ᠪᠠᠷ ᠬᠦᠨᠳᠦ ᠶᠡᠬᠡ ᠣᠨᠴᠠ ᠶᠡᠬᠡ ᠡᠨᠳᠡᠯ ᠤᠯᠠᠨ ᠭᠠᠷᠴᠤ ᠦᠷᠭᠦᠯᠵᠢᠯᠡᠨ ᠭᠠᠷᠬᠤ ᠬᠠᠨᠳᠤᠰᠢ ᠵᠢ ᠡᠷᠡᠰ ᠬᠣᠷᠢᠭᠯᠠᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠎ᠢ ᠪᠠᠲᠤ ᠰᠠᠬᠢᠬᠤ ᠬᠡᠷᠡᠭᠲᠡᠢ᠃
   ᠬᠤᠸᠠᠩ ᡁᠢ ᠴᠢᠶᠠᠩ ᠴᠢᠬᠤᠯᠠᠴᠢᠯᠠᠭᠰᠠᠨ᠎ᠨᠢ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠤᠯᠠᠷᠢᠯ ᠤᠳᠠᠯ ᠦᠭᠡᠢ ᠬᠦᠷᠴᠦ ᠢᠷᠡᠬᠦ ᠪᠣᠯᠬᠣᠷ ᠮᠢᠨᠴᠦᠭᠦᠷᠡᠬᠦ ᠦᠵᠡᠯ ᠰᠠᠨᠠᠭ᠎ᠠ ᠵᠢ ᠡᠷᠡᠰ ᠬᠣᠷᠢᠭᠯᠠᠵᠤ᠂ ᠠᠵᠠ ᠬᠠᠷᠠᠬᠤ ᠰᠡᠳᠬᠢᠴᠡ ᠵᠢ ᠲᠡᠪᠴᠢᠵᠦ᠂ ᠭᠠᠯ᠎ᠤᠨ ᠢᠷᠡᠯᠲᠡ ᠵᠢ ᠬᠠᠮᠢᠶᠠᠷᠤᠨ ᠡᠵᠡᠮᠳᠡᠬᠦ ᠠᠷᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠭᠠᠯ᠎ᠤᠨ ᠠᠶᠤᠯ᠎ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ᠎ᠢ ᠴᠢᠩᠭ᠋ᠠᠳᠬᠠᠵᠤ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠲᠡᠶ᠋ᠢᠨ᠎ᠤ ᠪᠡᠯᠡᠳᠬᠡᠯ᠎ᠢ ᠰᠢᠨᠵᠢᠯᠡᠬᠦ ᠤᠬᠠᠭ᠋ᠠᠨᠴᠢ᠎ᠪᠠᠷ ᠴᠢᠩᠭ᠋ᠠᠳᠬᠠᠵᠤ᠂ ᠨᠠᠮᠤᠷ ᠡᠪᠦᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠰᠢᠪᠳᠤᠯᠤᠯᠳᠠ ᠵᠢᠨ ᠲᠡᠶ᠋ᠢᠨ᠎ᠤ ᠢᠯᠠᠯᠲᠠ ᠵᠢ  ᠴᠢᠷᠮᠠᠢ᠌ᠨ ᠣᠯᠬᠤ ᠬᠡᠷᠡᠭᠲᠡᠢ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠦᠭᠵᠢᠬᠦᠯᠤᠯᠳᠡ ᠵᠢᠨ ᠬᠤᠷᠠᠯ ᠬᠤᠷᠠᠯᠳᠤᠪᠠ
ᠤᠯᠠᠭ᠋ᠠᠨ ᠵᠠᠭ᠋ᠠᠯᠮᠠᠢ᠌ᠳᠠᠨ᠎ᠤ ᠨᠡᠢ᠌ᠬᠡᠮᠯᠢᠭ᠎ᠤᠨ᠎ᠬᠢᠨ 《ᠠᠷᠪᠠᠨ ᠲᠦᠷᠪᠡᠳᠤᠬᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠤᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ》᠎ᠤ ᠠᠵᠢᠯ ᠨᠢᠬᠡᠳᠡᠳ᠎ᠤᠨ ᠭᠤᠤᠯ ᠰᠡᠳᠤᠪᠳᠤ ᠠᠵᠢᠯᠯᠠᠭ᠎ᠠ ᠶᠠᠪᠤᠬᠳᠠᠭᠤᠯᠵᠤ᠂ ᠴᠢ ᠪᠠᠳᠤ ᠠᠵᠢᠯᠯᠠᠭ᠎ᠠ᠎ᠳᠤ ᠤᠷᠤᠯᠴᠠᠪᠠ
《ᠭᠤᠷᠪᠠ ᠵᠢ ᠬᠠᠮᠢᠶᠠᠷᠴᠤ᠂ ᠭᠤᠷᠪᠠ ᠵᠢ ᠡᠷᠬᠡᠪᠰᠢ ᠠᠳᠬᠤᠬᠤ》 ᠠᠵᠢᠯ᠎ᠢ ᠨᠠᠢ᠌ᠳᠠᠪᠤᠷᠢᠵᠢᠭᠤᠯᠵᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠶ᠎ᠠ᠄ᠠᠶᠤᠯ ᠦᠬᠡᠢ ᠦᠢ᠍ᠯᠡᠳᠪᠤᠷᠢᠯᠡᠯ᠄ᠤᠬᠤᠷ ᠭᠠᠷᠴᠠᠭ᠄ ᠮᠠᠨ᠎ᠤ ᠣᠷᠣᠨ ᠠᠶᠤᠯ ᠦᠬᠡᠢ ᠵᠢᠨ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠤᠯᠠᠮ ᠳᠡᠭᠡᠭᠰᠢᠯᠡᠭᠦᠯᠬᠦ ᠲᠣᠭᠲᠠᠭ᠋ᠠᠯ ᠭᠠᠷᠭ᠋ᠠᠪᠠ
ᠬᠦᠨᠳᠦ ᠶᠡᠬᠡ ᠠᠶᠤᠯ ᠭᠠᠷᠬᠤ᠎ᠠᠴᠠ ᠰᠡᠷᠬᠡᠢ᠌ᠯᠡᠬᠦ ᠠᠵᠢᠯ᠎ᠤᠨ ᠬᠠᠮᠢᠶᠡᠷᠤᠯᠳᠠ ᠡᠵᠡᠮᠳᠡᠯ᠎ᠢ ᠦᠷᠭᠦᠯᠵᠢᠯᠡᠨ ᠴᠢᠩᠭ᠋ᠠᠳᠬᠠᠵᠤ ᠤᠨ᠎ᠤ ᠰᠡᠬᠦᠯᠴᠢ ᠵᠢᠯ᠎ᠤᠨ ᠡᠬᠢᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠯᠠᠪᠳᠠᠭᠤᠨ ᠬᠢᠶ᠎ᠡ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠭᠤᠷᠪᠠ ᠵᠢ ᠪᠠᠷᠢᠮᠲᠠᠯᠠᠬᠤ》 ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠠᠷᠠᠳ᠎ᠤᠨ ᠠᠮᠢᠳᠤᠷᠠᠯ᠎ᠤᠨ ᠠᠵᠢᠯ᠎ᠤᠨ ᠪᠠᠷᠢᠮᠵᠢᠶ᠎ᠠ ᠵᠢ ᠲᠠᠬᠢᠨᠳᠠ ᠳᠡᠭᠡᠭᠰᠢᠯᠡᠭᠦᠯᠵᠦ᠂ ᠬᠤᠷᠳᠤᠴᠠ ᠵᠢ ᠲᠠᠬᠢᠨᠳᠠ ᠲᠦᠷᠬᠡᠳᠬᠡᠨ᠂ ᠦᠷ᠎ᠡ ᠪᠦᠲᠦᠮᠵᠢ ᠵᠢ ᠲᠠᠬᠢᠨᠳᠠ ᠲᠡᠭᠡᠭᠰᠢᠯᠡᠬᠦᠯᠬᠦ ᠵᠢ ᠠᠬᠢᠭᠤᠯᠪᠠ
 
            