ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠤᠸᠠᠩ ᡁᠢ ᠴᠢᠶᠠᠩ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠢ ᠵᠢᠨ ᠳᠠᠩᠰᠠᠯᠠᠬᠤ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2024-01-10

    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 1 ᠳ᠋ᠤᠬᠡᠷ ᠰᠠᠷ᠎ᠠ ᠵᠢᠨ 9᠎ᠤ ᠡᠳᠦᠷ ᠬᠥᠬᠡᠬᠣᠲᠠ᠎ᠳᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠶ᠎ᠳᠤ ᠪᠠᠢ᠌ᠴᠠᠭ᠋ᠠᠨ  ᠰᠤᠳᠤᠯᠵᠠᠢ᠃
   ᠬᠤᠸᠠᠩ ᡁᠢ ᠴᠢᠶᠠᠩ ᠥᠪᠥᠷ ᠮᠣᠩᠭᠣᠯ᠎ᠤᠨ 《ᠳ᠋ᠠ ᠾᠧᠩ》 ᠪᠦᠲᠦᠭᠡᠨ ᠪᠠᠢ᠌ᠭᠤᠯᠤᠯᠲᠠ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ 《ᠶᠦᠨ ᠮᠸᠢ》 ᠰᠢᠨᠵᠢᠯᠡᠬᠦ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ 《ᠪᠠᠢ ᠵᠢᠶᠠ ᠷᠦᠨ》 ᠬᠡᠲᠦ ᠳᠡᠯᠭᠡᠭᠦᠷ᠎ᠤᠨ ᠵᠢᠨ ᠢᠦᠢ᠎ᠳᠤ᠎ᠬᠢ ᠳᠡᠯᠭᠡᠭᠦᠷ᠎ᠲᠤ ᠦᠢ᠍ᠯᠡᠳᠪᠦᠷᠢᠯᠡᠯ ᠡᠵᠡᠩᠨᠡᠯᠲᠡ᠂ ᠰᠤᠳᠤᠯᠭ᠋ᠠᠨ᠂ ᠠᠵᠢᠯᠲᠠᠨ᠎ᠤ ᠴᠠᠯᠢᠩ ᠵᠡᠷᠭᠡ ᠪᠣᠳᠠᠲᠠᠢ ᠮᠡᠳᠡᠭᠡ ᠵᠠᠩᠭᠢ ᠵᠢ ᠯᠠᠪᠯᠠᠨ ᠠᠰᠠᠭᠤᠵᠤ᠂ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ ᠶᠠᠪᠤᠴᠠ ᠵᠢ ᠣᠢ᠌ᠯᠠᠭ᠋ᠠᠪᠠ᠃ ᠬᠤᠸᠠᠡᠭ ᡁᠢ ᠴᠢᠶᠠᠡᠭ᠄ 《ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ᠎ᠳᠤ ᠦᠨᠡᠨ ᠂ ᠵᠥᠪ ᠲᠣᠭ᠎ᠠ ᠪᠠᠷᠢᠮᠲᠠ ᠬᠠᠩᠭ᠋ᠠᠬᠤ ᠪᠣᠯ ᠠᠵᠤ ᠠᠬᠤᠢ᠌ᠯᠠᠯ ᠪᠣᠯᠣᠨ ᠬᠤᠳᠠᠯᠳᠤᠭ᠋ᠠᠨ᠎ᠤ ᠡᠷᠦᠭᠡ ᠵᠢᠨ ᠬᠠᠤᠯᠢ᠎ᠪᠠᠷ ᠲᠣᠭᠲᠠᠭ᠋ᠠᠭᠰᠠᠨ ᠬᠠᠷᠢᠭᠤᠴᠠᠯᠭ᠎ᠠ᠂ ᠭᠦᠢ᠍ᠴᠡᠳᠬᠡᠪᠡᠰᠦ ᠵᠣᠬᠢᠬᠤ ᠡᠭᠦᠷᠭᠡ ᠪᠦᠬᠡᠳ ᠥᠪᠥᠷ ᠮᠣᠩᠭᠣᠯ᠎ᠤᠨ ᠠᠵᠤ ᠠᠬᠤᠢ ᠵᠢᠨ  ᠪᠠᠢ᠌ᠳᠠᠯ᠎ᠢ ᠣᠢ᠌ᠯᠠᠭ᠋ᠠᠬᠤ᠎ᠳᠤ ᠬᠤᠪᠢ ᠨᠡᠮᠡᠷᠢ ᠦᠵᠡᠭᠦᠯᠬᠦ ᠶᠠᠪᠤᠳᠠᠯ ᠪᠣᠯᠣᠨ᠎ᠠ᠃ ᠲᠤᠬᠠᠢ ᠵᠢᠨ ᠲᠠᠯᠠᠪᠠᠶ᠎ᠳᠤ ᠲᠡᠮᠳᠡᠭᠯᠡᠬᠦ ᠪᠣᠯ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠭᠣᠣᠯ ᠭᠣᠭᠴᠣᠭ᠎ᠠ᠂ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠠᠮᠢᠨ ᠰᠤᠳᠠᠰᠤ ᠵᠢ ᠪᠠᠲᠤ ᠰᠠᠬᠢᠵᠤ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠳ᠋ᠦᠩ ᠴᠢᠨᠢ ᠲᠡᠦᠬᠡ ᠪᠠ ᠦᠢ᠍ᠯᠡᠳᠦᠯᠭᠡ ᠵᠢᠨ ᠰᠢᠯᠭ᠋ᠠᠯᠲᠠ ᠵᠢ ᠲᠠᠭ᠋ᠠᠭ᠋ᠠᠬᠤ ᠬᠡᠷᠡᠭᠲᠡᠢ》 ᠬᠡᠵᠡᠢ᠃
    ᠬᠤᠸᠠᠩ ᡁᠢ ᠴᠢᠶᠠᠩ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠡᠮᠦᠨ᠎ᠡ ᠹᠷᠣᠨᠲ᠎ᠤᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠵᠢᠯᠲᠠᠳ᠎ᠢ ᠲᠣᠬᠣᠨᠢᠭᠤᠯᠪᠠ᠃ ᠬᠤᠸᠠᠡᠭ ᡁᠢ ᠴᠢᠶᠠᠡᠭ᠄ 《ᠡᠯ᠎ᠡ ᠱᠠᠲᠤᠨ᠎ᠤ ᠨᠡᠢ᠌ᠳᠡᠮ᠎ᠤᠨ ᠪᠠᠢ᠌ᠴᠠᠭ᠋ᠠᠯᠲᠠ ᠵᠢᠨ ᠪᠠᠢ᠌ᠭᠤᠯᠤᠮᠵᠢ ᠪᠣᠯᠣᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠵᠢᠯᠲᠠᠳ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠎ᠪᠠᠷ᠂ ᠠᠷᠠᠳ᠎ᠤᠨ ᠲᠥᠯᠥᠭᠡ ᠨᠡᠢ᠌ᠳᠡᠮ᠎ᠤᠨ ᠪᠠᠢ᠌ᠴᠠᠭ᠋ᠠᠯᠲᠠ ᠬᠢᠬᠦ ᠵᠢ ᠪᠠᠷᠢᠮᠲᠠᠯᠠᠵᠤ᠂ ᠨᠡᠢ᠌ᠳᠡᠮ᠎ᠤᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠦᠨᠡᠨ ᠪᠣᠳᠠᠲᠠᠢ ᠪᠠᠢ᠌ᠯᠭ᠋ᠠᠬᠤ᠂ ᠬᠠᠲᠠᠭᠤ᠎ᠲᠠᠢ ᠬᠠᠯᠳᠠᠬᠤ ᠵᠢ ᠪᠠᠲᠤᠯᠠᠬᠤ ᠬᠡᠷᠡᠭᠲᠡᠢ》 ᠭᠡᠪᠡ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤᠸᠠᠩ ᡁᠢ ᠴᠢᠶᠠᠩ ᠪᠠᠶᠠᠨᠨᠠᠭᠤᠷ ᠬᠤᠳᠠ᠎ᠳᠤ ᠨᠡᠭᠦᠷᠡᠰᠦᠨ᠎ᠤ ᠪᠤᠰᠤ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠤᠭᠣᠳᠬᠤ᠎ᠳᠤ᠎ᠪᠠᠨ ᠠᠶᠤᠯ ᠦᠬᠡᠢ ᠦᠢ᠍ᠯᠡᠳᠪᠤᠷᠢᠯᠡᠯ᠎ᠤᠨ ᠲᠣᠬᠠᠢ ᠬᠠᠮᠢᠶᠠᠷᠤᠯᠳᠠ ᠵᠢ ᠴᠢᠡᠭᠭ᠎ᠠ ᠠᠳᠬᠤᠬᠤ ᠬᠡᠷᠡᠭᠳᠡᠢ ᠭᠡᠵᠤ ᠴᠢᠬᠤᠯᠠᠴᠢᠯᠠᠪᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠦᠴᠢᠷᠳᠡᠯᠲᠡᠢ ᠣᠯᠠᠨ ᠲᠦᠮᠡᠨ᠎ᠳᠤ 56.2 ᠳ᠋ᠦᠩᠰᠢᠭᠤᠷ ᠲᠥᠭᠥᠷᠢᠭ᠎ᠤᠨ ᠲᠤᠰᠠᠯᠠᠮᠵᠢ ᠵᠢᠨ ᠨᠥᠬᠥᠪᠦᠷᠢ ᠪᠠᠭᠤᠯᠭ᠋ᠠᠪᠠ
《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》 ᠡᠯ᠎ᠡ ᠵᠦᠢ᠍ᠯ᠎ᠤᠨ ᠭᠥᠯᠢᠶᠡᠨ ᠠᠪᠬᠤ ᠪᠠᠲᠤᠯᠠᠭ᠎ᠠ ᠵᠢᠨ ᠠᠵᠢᠯ ᠯᠠᠪᠳᠠᠭᠤᠨ ᠵᠶ᠋ᠠᠷ ᠠᠬᠢᠵᠤ ᠪᠠᠢ᠌ᠨ᠎ᠠ
2023 ᠣᠨ᠎ᠳᠤ 《ᠰᠢᠨ᠎ᠡ ᠵᠢ ᠡᠬᠦᠳᠬᠦ ᠶᠡᠷᠦᠩᠬᠡᠢ᠌ᠯᠡᠭᠰᠡᠨ ᠨᠦᠬᠡᠴᠨ ᠬᠦᠴᠦᠨ》 ᠪᠥᠬᠥ ᠤᠯᠤᠰ᠎ᠲᠤ 10 ᠳ᠋ᠤᠭ᠋ᠠᠷ᠎ᠲᠤ ᠣᠷᠣᠵᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 81.9%᠎ᠪᠠᠷ ᠨᠡᠮᠡᠭᠳᠡᠪᠡ ᠮᠠᠨ᠎ᠤ ᠣᠷᠣᠨ ᠦᠨᠤ ᠵᠢᠯ ᠰᠢᠨᠵᠢᠯᠡᠬᠦ ᠮᠡᠷᠭᠡᠵᠢᠯ᠎ᠤᠨ ᠠᠵᠢᠯ᠎ᠳᠤ 7 ᠲᠠᠯ᠎ᠠ᠎ᠪᠠᠷ ᠬᠦᠴᠦᠯᠡᠵᠦ᠂ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠤᠬᠦᠯᠬᠦ ᠪᠤᠯᠤᠨ᠎ᠠ
ᠥᠪᠥᠷ ᠮᠣᠩᠭᠣᠯ᠎ᠳᠤ ᠪᠡᠯᠡ ᠤᠷᠤᠭᠤᠯᠵᠤ ᠭᠠᠷ ᠭᠠᠷ ᠵᠶ᠋ᠡᠨ ᠬᠣᠯᠪᠣᠨ ᠢᠷᠡᠭᠡᠳᠦᠢ ᠲᠡᠢ᠌ᠰᠢ ᠤᠷᠤᠬᠰᠢᠯᠠᠶ᠎ᠠ — ᠪᠦᠬᠦ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠ ᠢᠲᠡᠭᠡᠮᠵᠢ ᠵᠢᠨ ᠪᠠᠢ᠌ᠭᠤᠯᠤᠯᠲᠠ ᠵᠢᠨ ᠬᠤᠷᠠᠯ ᠬᠤᠷᠠᠯᠳᠤᠬᠤ ᠲᠠᠰᠢᠷᠠᠮ ᠵᠶ᠋ᠡᠷ
 
            