ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 1 ᠳ᠋ᠤᠬᠡᠷ ᠰᠠᠷ᠎ᠠ ᠵᠢᠨ 14᠂ 15᠎ᠤ ᠡᠳᠦᠷ ᠪᠠᠶᠠᠨᠨᠠᠭᠤᠷ ᠬᠣᠲᠠ᠎ᠳᠤ ᠨᠡᠭᠦᠷᠡᠰᠦᠨ᠎ᠤ ᠪᠤᠰᠤ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ᠃
ᠬᠤᠸᠠᠩ ᡁᠢ ᠴᠢᠶᠠᠩ ᠳ᠋ᠦᠩ ᠱᠧᠩ ᠮᠢᠶᠣᠣ ᠵᠢᠨ ᠠᠭᠤᠷᠬᠠᠢ ᠵᠢᠨ ᠦᠢ᠍ᠯᠡᠰ᠂ ᠽᠢ ᠵᠢᠨ ᠠᠭᠤᠷᠬᠠᠢ ᠵᠢᠨ ᠦᠢ᠍ᠯᠡᠰ᠂ ᠳ᠋ᠠ ᠵᠦᠩ ᠠᠭᠤᠷᠬᠠᠢ ᠵᠢᠨ ᠦᠢ᠍ᠯᠡᠰ᠎ᠤᠨ ᠬᠦᠳᠡᠷ ᠰᠢᠯᠢᠬᠦ ᠦᠢ᠍ᠯᠡᠳᠪᠦᠷᠢ᠂ ᠦᠯᠡᠳᠡᠭᠳᠡᠯ ᠬᠦᠳᠡᠷ᠎ᠤᠨ ᠬᠥᠮᠥᠷᠭᠡ᠂ ᠠᠭᠤᠷᠬᠠᠢ ᠮᠠᠯᠲᠠᠬᠤ ᠬᠤᠳᠳᠤᠭ᠎ᠤᠨ ᠠᠮᠠᠰᠠᠷ᠎ᠢ ᠪᠠᠢ᠌ᠴᠠᠭ᠋ᠠᠨ ᠦᠵᠡᠵᠦ᠂ ᠬᠤᠳᠳᠤᠭ ᠳᠣᠲᠣᠷ᠎ᠠ ᠤᠷᠤᠵᠤ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠬᠤᠸᠠᠩ ᡁᠢ ᠴᠢᠶᠠᠩ᠄ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠨᠢ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠠᠵᠤ ᠠᠬᠤᠢ ᠵᠢᠨ ᠬᠥᠭᠵᠢᠯᠲᠡ ᠪᠣᠯᠣᠨ ᠨᠡᠢ᠌ᠭᠡᠮ᠎ᠤᠨ ᠲᠣᠭᠲᠠᠭᠤᠨ᠎ᠤ ᠶᠡᠬᠡ ᠲᠠᠯ᠎ᠠ᠎ᠳᠤ ᠬᠣᠯᠪᠣᠭᠳᠠᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ᠃ ᠠᠭᠤᠷᠬᠠᠢ ᠵᠢᠨ ᠠᠵᠤ ᠠᠬᠤᠢ᠌ᠯᠠᠯ᠎ᠤᠳ ᠠᠭᠤᠷᠬᠠᠢ ᠵᠢᠨ ᠠᠶᠤᠯ ᠦᠬᠡᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠡᠨ ᠲᠡᠭᠦᠯᠳᠡᠷᠵᠢᠭᠦᠯᠵᠦ᠂ ᠬᠦᠨᠳᠦ ᠶᠡᠬᠡ ᠭᠠᠢ ᠭᠠᠮᠰᠢᠭ᠎ᠠᠴᠠ ᠰᠡᠷᠬᠡᠢ᠌ᠯᠡᠬᠦ ᠠᠵᠢᠯ᠎ᠢ ᠴᠢᠩᠭ᠋ᠠᠳᠬᠠᠵᠤ᠂ ᠲᠥᠬᠦᠭᠡᠷᠦᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠵᠢ ᠴᠢᠩᠳᠠᠯᠠᠵᠤ᠂ ᠭᠠᠳᠠᠭᠰᠢ ᠳᠠᠭ᠋ᠠᠭ᠋ᠠᠴᠢᠯᠠᠭᠤᠯᠬᠤ ᠪᠠᠷᠢᠯᠭ᠎ᠠ ᠵᠢᠨ ᠬᠠᠮᠢᠶᠠᠷᠤᠯᠲᠠ ᠵᠢ ᠵᠢᠷᠤᠮᠵᠢᠭᠤᠯᠬᠤ ᠬᠡᠷᠡᠭᠲᠡᠢ᠃ ᠠᠭᠤᠷᠬᠠᠢ ᠵᠢᠨ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠢᠯᠠᠩᠭᠤᠶ᠎ᠠ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭ᠋ᠠᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠣᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠠᠡᠭᠬᠠᠷᠤᠯ ᠪᠠ ᠠᠵᠢᠯ᠎ᠤᠨ ᠭᠣᠣᠯᠳᠠᠯᠭ᠎ᠠ᠎ᠪᠠᠨ ᠳᠣᠷᠣᠭᠰᠢ ᠬᠠᠨᠳᠤᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠡᠭᠭ᠎ᠠ ᠠᠳᠬᠤᠨ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠠᠵᠢᠯ᠎ᠤᠨ ᠪᠠᠢ᠌ᠷᠢ ᠨᠢᠬᠡ ᠪᠦᠷᠢ ᠵᠢ ᠠᠶᠤᠯ ᠦᠭᠡᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠢ ᠪᠠᠲᠤ ᠰᠠᠬᠢᠭᠤᠯᠬᠤ ᠬᠡᠷᠡᠭᠲᠡᠢ᠃