ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》 ᠡᠯ᠎ᠡ ᠵᠦᠢ᠍ᠯ᠎ᠤᠨ ᠭᠥᠯᠢᠶᠡᠨ ᠠᠪᠬᠤ ᠪᠠᠲᠤᠯᠠᠭ᠎ᠠ ᠵᠢᠨ ᠠᠵᠢᠯ ᠯᠠᠪᠳᠠᠭᠤᠨ ᠵᠶ᠋ᠠᠷ ᠠᠬᠢᠵᠤ ᠪᠠᠢ᠌ᠨ᠎ᠠ
ᠨᠡᠶᠢᠲᠡᠯᠡᠭᠰᠡᠨ ᠴᠠᠭ᠄ 2024-01-23

    《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤ ᠤᠢ᠌ᠷᠠᠳᠤᠬᠰᠠᠨ ᠲᠠᠰᠢᠷᠠᠮ ᠵᠶ᠋ᠡᠷ 《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤ ᠪᠡᠯᠡᠳᠬᠡᠯ ᠺᠣᠮᠢᠰ᠎ᠤᠨ ᠬᠦᠯᠢᠶᠡᠨ ᠠᠪᠬᠤ ᠬᠡᠯᠲᠡᠰ᠎ᠠᠴᠠ ᠣᠢ᠌ᠯᠠᠭ᠋ᠠᠭᠰᠠᠨ ᠵᠢᠡᠷ᠂ ᠣᠳᠣᠬᠠᠨ᠎ᠳᠤ ᠡᠯ᠎ᠡ ᠵᠦᠢ᠍ᠯ᠎ᠤᠨ ᠬᠦᠯᠢᠶᠡᠨ ᠠᠪᠬᠤ  ᠠᠵᠢᠯ ᠶᠠᠭ ᠲᠣᠭᠲᠠᠭᠤᠨ ᠵᠶ᠋ᠠᠷ ᠠᠬᠢᠵᠤ ᠪᠠᠢ᠌ᠨ᠎ᠠ᠃
    ᠣᠢ᠌ᠯᠠᠭ᠋ᠠᠭᠰᠠᠨ ᠵᠶ᠋ᠠᠷ᠂ 《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤ ᠪᠡᠯᠡᠳᠬᠡᠯ ᠺᠣᠮᠢᠰ᠎ᠤᠨ ᠬᠦᠯᠢᠶᠡᠨ ᠠᠪᠬᠤ ᠬᠡᠯᠲᠡᠰ ᠡᠯ᠎ᠡ ᠤᠷᠤᠯᠳᠤᠭ᠋ᠠᠨ᠎ᠤ ᠲᠣᠭᠣᠷᠢᠭ᠎ᠢ ᠵᠢᠯᠣᠭᠣᠳᠤᠨ ᠬᠡᠯᠲᠡᠰ᠎ᠤᠨ ᠲᠤᠰᠢᠶᠠᠯᠲᠠᠨ᠂ ᠲᠠᠮᠢᠷᠴᠢᠳ᠂ ᠮᠡᠷᠭᠡᠵᠢᠯ᠎ᠤᠨ ᠲᠤᠰᠢᠶᠠᠯᠲᠠᠨ ᠪᠠ ᠰᠤᠷᠪᠤᠯᠵᠢᠯᠠᠭᠴᠢ ᠵᠢ ᠬᠦᠯᠢᠶᠡᠨ ᠠᠪᠬᠤ ᠲᠥᠰᠥᠯ ᠪᠠ ᠬᠦᠯᠢᠶᠡᠨ ᠠᠪᠬᠤ ᠶᠠᠪᠤᠴᠨ ᠵᠢᠨ ᠵᠢᠷᠤᠭ᠎ᠢ ᠲᠣᠭᠲᠠᠭ᠋ᠠᠵᠤ᠂ ᠡᠯ᠎ᠡ ᠵᠦᠢ᠍ᠯ᠎ᠤᠨ ᠴᠢᠬᠤᠯᠠ ᠬᠦᠯᠢᠶᠡᠨ ᠠᠪᠬᠤ ᠠᠵᠢᠯ᠎ᠳᠤ ᠨᠠᠷᠢᠨ ᠪᠠᠢ᠌ᠷᠢᠯᠠᠭᠤᠯᠪᠠ᠃
    《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤᠨ ᠪᠡᠯᠡᠳᠬᠡᠯ ᠺᠣᠮᠢᠰ᠎ᠤᠨ ᠭᠥᠯᠢᠶᠡᠨ ᠠᠪᠬᠤ ᠬᠡᠯᠲᠡᠰ᠎ᠠᠴᠠ ᠡᠯ᠎ᠡ ᠤᠷᠤᠯᠳᠤᠭ᠋ᠠᠨ᠎ᠤ ᠲᠣᠭᠣᠷᠢᠭ᠎ᠢ ᠵᠢᠯᠣᠭᠣᠳᠤᠨ ᠭᠥᠯᠢᠶᠡᠨ ᠠᠪᠬᠤ ᠪᠠᠭᠤᠳᠠᠯ᠎ᠳᠤ ᠭᠥᠯᠢᠶᠡᠨ ᠠᠪᠬᠤ ᠦᠢ᠍ᠯᠡᠴᠢᠯᠡᠭᠡᠨ᠎ᠤ ᠥᠷᠲᠡᠭᠡ ᠪᠠᠢ᠌ᠭᠤᠯᠵᠤ᠂ ᠵᠣᠴᠢᠳ᠎ᠲᠤ 24 ᠴᠠᠭ᠎ᠤᠨ ᠦᠢ᠍ᠯᠡᠴᠢᠯᠡᠭᠡ ᠬᠠᠩᠭ᠋ᠠᠨ᠎ᠠ᠃ ᠡᠯ᠎ᠡ ᠤᠷᠤᠯᠳᠤᠭ᠋ᠠᠨ᠎ᠤ ᠲᠣᠭᠣᠷᠢᠭ᠎ᠢ ᠱᠠᠯᠠᠪᠳᠠᠭᠤᠯᠵᠤ ᠪᠠᠢ᠌ᠭ᠋ᠠᠳ ᠵᠣᠴᠢᠳ᠎ᠤᠨ ᠪᠠᠭᠤᠳᠠᠯ᠎ᠤᠨ ᠵᠠᠰᠠᠵᠤ ᠴᠢᠮᠡᠭᠯᠡᠬᠦ᠂ ᠲᠥᠬᠦᠭᠡᠷᠦᠮᠵᠢ ᠵᠢ  ᠰᠠᠢ᠌ᠵᠢᠷᠠᠭᠤᠯᠬᠤ ᠠᠵᠢᠯ᠎ᠢ ᠲᠠᠭᠤᠰᠬᠠᠵᠤ᠂ ᠪᠠᠭᠤᠳᠠᠯ ᠪᠠ ᠢᠳᠡᠭᠡᠨ ᠤᠮᠳᠠᠭ᠋ᠠᠨ᠎ᠤ ᠲᠥᠬᠦᠭᠡᠷᠦᠮᠵᠢ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠪᠠ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠤᠬᠳᠠᠭ᠋ᠠᠪᠠ᠃ ᠠᠮᠤᠷ᠎ᠢ ᠬᠠᠮᠠᠭ᠋ᠠᠯᠠᠬᠤ᠂ ᠢᠳᠡᠭᠡᠨ ᠪᠠ ᠡᠮ ᠵᠡᠷᠭᠡ ᠠᠵᠢᠯ᠎ᠤᠨ ᠬᠡᠯᠲᠡᠰ᠎ᠲᠠᠢ ᠬᠠᠮᠵᠢᠯᠴᠠᠨ ᠵᠣᠴᠢᠳ᠎ᠤᠨ ᠪᠠᠭᠤᠳᠠᠯ ᠵᠣᠴᠢᠳ᠎ᠤᠨ ᠪᠠᠭᠤᠳᠠᠯ᠎ᠤᠨ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠪᠠ ᠭᠠᠯ᠎ᠤᠨ ᠠᠶᠤᠯ᠎ᠠᠴᠠ ᠰᠡᠷᠬᠡᠢ᠌ᠯᠡᠬᠦ ᠲᠠᠯ᠎ᠠ᠎ᠪᠠᠷ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠬᠢᠵᠦ᠂ ᠵᠣᠴᠢᠳ᠎ᠲᠤ ᠲᠣᠬᠢᠯᠢᠭ ᠠᠮᠤᠷ ᠲᠦᠪᠰᠢᠨ ᠬᠣᠨᠣᠭ᠎ᠤᠨ ᠣᠷᠴᠢᠨ ᠲᠣᠭᠣᠷᠢᠨ ᠬᠠᠡᠭᠭ᠋ᠠᠬᠤ ᠪᠤᠯᠤᠨ᠎ᠠ᠃
   ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠲᠠᠯ᠎ᠠ᠎ᠪᠠᠷ 《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤ ᠪᠡᠯᠡᠳᠬᠡᠯ ᠺᠣᠮᠢᠰ᠎ᠤᠨ ᠭᠥᠯᠢᠶᠡᠨ ᠠᠪᠬᠤ ᠬᠡᠯᠲᠡᠰ᠎ᠤᠨ᠎ᠬᠢᠨ ᠡᠯ᠎ᠡ ᠤᠷᠤᠯᠳᠤᠭ᠋ᠠᠨ᠎ᠤ ᠲᠣᠭᠣᠷᠢᠭ᠎ᠤᠨ ᠢᠳᠡᠭᠡᠨ᠎ᠤ ᠮᠠᠲ᠋ᠧᠷᠢᠶᠠᠯ᠎ᠤᠨ ᠬᠠᠩᠭ᠋ᠠᠯᠭ᠎ᠠ ᠵᠢᠨ ᠪᠣᠭᠣᠮᠲᠠ ᠵᠢ ᠴᠢᠩᠭ᠎ᠠ ᠠᠳᠬᠤᠵᠤ᠂ ᠤᠷᠤᠯᠳᠤᠭ᠋ᠠᠨ᠎ᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠡᠳ᠋ᠰᠢᠭᠦᠯᠦᠨ ᠬᠠᠮᠢᠶᠠᠷᠬᠤ ᠵᠢᠨ ᠬᠠᠮᠲᠤ ᠰᠢᠮ᠎ᠡ ᠲᠡᠵᠢᠭᠡᠯ ᠲᠣᠬᠢᠷᠠᠭᠤᠯᠬᠤ ᠵᠢ ᠴᠢᠬᠤᠯᠠᠴᠢᠯᠠᠵᠤ᠂ ᠵᠣᠴᠢᠳ᠎ᠲᠤ ᠡᠯᠪᠡᠭ ᠪᠠᠶᠠᠯᠢᠭ ᠣᠯᠠᠨ ᠶᠠᠩᠵᠤ ᠵᠢᠨ ᠨᠣᠭᠣᠭ᠎ᠠ ᠬᠠᠩᠭ᠋ᠠᠵᠤ᠂ ᠲᠤᠬᠠᠢ ᠵᠢᠨ ᠭᠠᠵᠠᠷ᠎ᠤᠨ ᠢᠳᠡᠭᠡᠨ ᠤᠮᠳᠠᠭ᠋ᠠᠨ᠎ᠤ ᠣᠨᠴᠠᠯᠢᠭ᠎ᠢ ᠳᠣᠪᠣᠶ᠋ᠢᠯᠭ᠋ᠠᠬᠤ ᠮᠥᠷᠲᠡᠭᠡᠨ ᠡᠯ᠎ᠡ ᠭᠠᠵᠠᠷ᠎ᠤᠨ ᠵᠣᠴᠢᠳ᠎ᠤᠨ ᠳᠤᠷᠠᠰᠢᠯ᠎ᠢ ᠴᠤ᠌ ᠬᠠᠷᠠᠭ᠋ᠠᠯᠵᠠᠬᠤ ᠬᠡᠷᠡᠭᠲᠡᠢ ᠭᠡᠵᠦ ᠵᠢᠭ᠋ᠠᠨ ᠵᠢᠯᠣᠭᠣᠳᠪᠠ᠃
   ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠲᠠᠯ᠎ᠠ᠎ᠪᠠᠷ᠂ 《ᠠᠷᠪᠠᠨ ᠲᠦᠷᠪᠡᠳᠤᠬᠡᠷ ᠬᠤᠭᠤᠴᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ》᠎ᠤ ᠪᠡᠯᠡᠳᠬᠡᠯ ᠺᠣᠮᠢᠰ᠎ᠤᠨ ᠭᠥᠯᠢᠶᠡᠨ ᠠᠪᠬᠤ ᠬᠡᠯᠲᠡᠰ᠎ᠤᠨ᠎ᠬᠢᠨ ᠡᠯ᠎ᠡ ᠤᠷᠤᠯᠳᠤᠭ᠋ᠠᠨ᠎ᠤ ᠲᠣᠭᠣᠷᠢᠭ᠎ᠢ ᠵᠢᠯᠣᠭᠣᠳᠤᠨ ᠨᠠᠷᠢᠨ ᠲᠣᠳᠣᠷᠬᠠᠢ ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠲᠥᠰᠥᠯ ᠲᠣᠭᠲᠠᠭ᠋ᠠᠯᠭ᠋ᠠᠵᠤ᠂ ᠲᠡᠷᠭᠡ ᠬᠥᠰᠬᠡ ᠵᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠂ ᠤᠷᠤᠯᠳᠤᠭ᠋ᠠᠨ᠎ᠤ ᠦᠶ᠎ᠡ ᠵᠢᠨ ᠲᠡᠷᠭᠡ ᠬᠥᠰᠬᠡ ᠵᠢᠨ  ᠠᠶᠤᠯ ᠦᠬᠡᠢ ᠵᠢ ᠪᠠᠲᠤᠯᠠᠵᠤ᠂ ᠲᠡᠭᠡᠭᠡᠪᠦᠷᠢ ᠵᠢᠨ ᠬᠡᠷᠡᠭᠴᠡᠭᠡ ᠵᠢ ᠬᠠᠡᠭᠭ᠋ᠠᠬᠤ ᠪᠤᠯᠤᠨ᠎ᠠ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2023 ᠣᠨ᠎ᠳᠤ 《ᠰᠢᠨ᠎ᠡ ᠵᠢ ᠡᠬᠦᠳᠬᠦ ᠶᠡᠷᠦᠩᠬᠡᠢ᠌ᠯᠡᠭᠰᠡᠨ ᠨᠦᠬᠡᠴᠨ ᠬᠦᠴᠦᠨ》 ᠪᠥᠬᠥ ᠤᠯᠤᠰ᠎ᠲᠤ 10 ᠳ᠋ᠤᠭ᠋ᠠᠷ᠎ᠲᠤ ᠣᠷᠣᠵᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 81.9%᠎ᠪᠠᠷ ᠨᠡᠮᠡᠭᠳᠡᠪᠡ ᠮᠠᠨ᠎ᠤ ᠣᠷᠣᠨ ᠦᠨᠤ ᠵᠢᠯ ᠰᠢᠨᠵᠢᠯᠡᠬᠦ ᠮᠡᠷᠭᠡᠵᠢᠯ᠎ᠤᠨ ᠠᠵᠢᠯ᠎ᠳᠤ 7 ᠲᠠᠯ᠎ᠠ᠎ᠪᠠᠷ ᠬᠦᠴᠦᠯᠡᠵᠦ᠂ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠤᠬᠦᠯᠬᠦ ᠪᠤᠯᠤᠨ᠎ᠠ
ᠥᠪᠥᠷ ᠮᠣᠩᠭᠣᠯ᠎ᠳᠤ ᠪᠡᠯᠡ ᠤᠷᠤᠭᠤᠯᠵᠤ ᠭᠠᠷ ᠭᠠᠷ ᠵᠶ᠋ᠡᠨ ᠬᠣᠯᠪᠣᠨ ᠢᠷᠡᠭᠡᠳᠦᠢ ᠲᠡᠢ᠌ᠰᠢ ᠤᠷᠤᠬᠰᠢᠯᠠᠶ᠎ᠠ — ᠪᠦᠬᠦ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠ ᠢᠲᠡᠭᠡᠮᠵᠢ ᠵᠢᠨ ᠪᠠᠢ᠌ᠭᠤᠯᠤᠯᠲᠠ ᠵᠢᠨ ᠬᠤᠷᠠᠯ ᠬᠤᠷᠠᠯᠳᠤᠬᠤ ᠲᠠᠰᠢᠷᠠᠮ ᠵᠶ᠋ᠡᠷ
ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ 7 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ 2024 ᠣᠨ᠎ᠤ 2 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ᠎ᠬᠢᠨ ᠮᠠᠨ᠎ᠤ ᠤᠷᠤᠨ᠎ᠤ ᠴᠢᠨᠠᠷ ᠰᠠᠶ᠋ᠢᠲᠠᠶ ᠬᠥᠭᠵᠢᠯᠲᠡ ᠵᠢ 20 ᠠᠷᠭ᠎ᠠ᠎ᠪᠠᠷ ᠳᠡᠮᠵᠢᠪᠡ
ᠮᠠᠨ᠎ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠤᠬᠡᠨ ᠪᠠᠢ᠌ᠭᠤᠯᠤᠯᠲᠠ ᠪᠠ ᠲᠠᠷᠢᠶᠠᠯᠠᠩ᠎ᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠠᠵᠢᠯ᠎ᠢ ᠠᠬᠢᠭᠤᠯᠬᠤ ᠲᠤᠬᠠᠢ ᠵᠢᠨ ᠲᠠᠯᠠᠪᠠᠢ ᠵᠢᠨ ᠬᠤᠷᠠᠯ᠎ᠢ ᠬᠤᠷᠠᠯᠳᠤᠭᠤᠯᠵᠤ᠂ ᠲᠠᠢ᠌ᠴᠢᠨ ᠶᠠᠷᠢᠶ᠎ᠠ ᠲᠠᠯᠪᠢᠵᠠᠢ
 
            