《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠠᠢ᠌ᠳᠠᠪᠤᠷᠢᠵᠢᠭᠤᠯᠬᠤ ᠵᠢᠨ ᠲᠥᠯᠥᠭᠡ ᠤᠯᠤᠰ᠎ᠤᠨ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠲᠦᠷᠤᠬᠦᠬᠡᠨ 《ᠣᠶ ᠰᠢᠭᠤᠢ ᠨᠤᠳᠤᠭ ᠪᠡᠯᠴᠢᠭᠡᠷ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠠᠷᠭ᠎ᠠ》 (《ᠠᠷᠭ᠎ᠠ》 ᠭᠡᠵᠦ ᠲᠦᠬᠦᠮᠴᠢᠯᠡᠶ᠎ᠡ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠣᠶ ᠰᠢᠭᠤᠢ ᠨᠤᠳᠤᠭ ᠡᠪᠡᠰᠦ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ ᠲᠠᠯ᠎ᠠ᠎ᠪᠠᠷ ᠲᠡᠮᠵᠢᠬᠦ ᠪᠤᠯᠤᠨ᠎ᠠ᠃
《ᠠᠷᠭ᠎ᠠ》᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠳᠤᠯᠤᠯᠳᠠ ᠵᠢᠨ ᠠᠵᠢᠯ᠎ᠢ ᠴᠢᠷᠮᠠᠢ᠌ᠨ ᠰᠠᠢ᠌ᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠠᠵᠢᠯ᠎ᠢ ᠴᠢᠩᠭ᠋ᠠᠳᠬᠠᠵᠤ᠂ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠤᠨ᠂ ᠤᠢ ᠰᠢᠭᠤᠢ ᠨᠤᠳᠤᠭ ᠪᠡᠯᠴᠢᠬᠡᠷ᠎ᠤᠨ ᠭᠠᠮᠰᠢᠭ᠎ᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠵᠦ᠂ ᠤᠳᠤ ᠦᠶ᠎ᠡ ᠵᠢᠨ ᠤᠢ ᠰᠢᠭᠤᠢ ᠡᠪᠡᠰᠦᠨ᠎ᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠴᠢᠳᠠᠪᠤᠷᠢ ᠵᠢ ᠴᠢᠩᠭ᠋ᠠᠳᠬᠠᠵᠤ᠂ ᠡᠯᠧᠮᠧᠨ᠋ᠲ᠎ᠤᠨ ᠪᠠᠲᠤᠯᠠᠭ᠎ᠠ ᠲᠤᠯᠭ᠋ᠠᠭᠤᠷᠢᠯᠠᠯ᠎ᠢ ᠴᠢᠩᠭ᠋ᠠᠳᠬᠠᠬᠤ 8 ᠲᠠᠯ᠎ᠠ᠎ᠪᠠᠷ 24 ᠠᠷᠭ᠎ᠠ ᠳᠤᠷᠠᠳᠴᠤ᠂ ᠤᠢ ᠰᠢᠭᠤᠢ ᠡᠪᠡᠰᠦᠨ᠎ᠤ ᠬᠦᠷᠢᠶ᠎ᠡ ᠴᠠᠷᠠᠭ᠎ᠠ᠎ᠳᠤ᠎ᠬᠢ ᠡᠯ᠎ᠡ ᠲᠠᠯ᠎ᠠ ᠵᠢ ᠬᠠᠮᠤᠷᠴᠠᠢ᠃ ᠥᠪᠥᠷ ᠮᠣᠩᠭᠣᠯ᠎ᠤᠨ 103 ᠬᠣᠰᠢᠭᠤ ᠰᠢᠶᠠᠨ (ᠬᠣᠲᠠ᠂ ᠲᠣᠭᠣᠷᠢᠭ)᠎ᠢ ᠪᠦᠬᠦᠨ᠎ᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ ᠵᠢᠨ ᠬᠡᠪᠴᠢᠶᠡᠨ᠎ᠳᠤ ᠣᠷᠣᠭᠤᠯᠬᠤ ᠵᠢᠨ ᠬᠠᠮᠲᠤ ᠮᠠᠨ᠎ᠤ ᠣᠷᠣᠨ᠎ᠤ ᠨᠢᠭᠡ ᠪᠦᠯᠦᠭ ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠴᠢᠬᠤᠯᠠ ᠶᠡᠬᠡ ᠢᠨᠵᠧᠨᠧᠷᠢᠩ᠎ᠤᠨ ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠡᠮᠵᠢᠵᠦ᠂ ᠮᠠᠨ᠎ᠤ ᠣᠷᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠪᠡᠯᠭᠡ ᠲᠡᠮᠳᠡᠭ᠎ᠤᠨ ᠴᠢᠨᠠᠷᠲᠠᠢ ᠭᠤᠷᠪᠠᠨ ᠶᠡᠬᠡ ᠳᠠᠢ᠌ᠯᠠᠯᠳᠤᠭ᠋ᠠᠨ᠎ᠤ ᠢᠯᠠᠯᠲᠠ ᠵᠢ ᠲᠡᠮᠡᠴᠡᠨ ᠤᠯᠬᠤ᠎ᠳᠤ ᠬᠦᠴᠦᠨ ᠨᠡᠮᠡᠷᠢᠯᠡᠨ᠎ᠡ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ 《ᠳᠠᠪᠬᠤᠷ》 ᠢᠨᠵᠧᠨᠧᠷᠢᠩ᠎ᠢ ᠬᠠᠮᠵᠢᠯᠴᠠᠨ ᠠᠬᠢᠭᠤᠯᠵᠤ᠂ ᠪᠠᠶᠠᠨᠨᠠᠭᠤᠷ᠂ ᠣᠷᠳᠣᠰ᠂ ᠠᠯᠠᠱ᠌ᠠ ᠵᠡᠷᠭᠡ ᠭᠠᠵᠠᠷ᠎ᠲᠤ ᠨᠢᠭᠡ ᠪᠦᠯᠦᠭ ᠬᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ 《ᠬᠡᠷᠡᠯ ᠸᠣᠯᠲ +》 ᠵᠠᠭᠪᠤᠷ᠎ᠢ ᠳᠡᠯᠭᠡᠷᠡᠭᠦᠯᠦᠨ᠎ᠡ ᠭᠡᠵᠦ ᠳᠤᠷᠠᠳᠪᠠ᠃ ᠤᠯᠠᠭ᠋ᠠᠨᠰᠤᠬᠠᠢ᠂ ᠲᠠᠭ᠎ᠠ ᠵᠢᠨ ᠨᠠᠭᠤᠷ᠂ ᠬᠥᠯᠥᠨ ᠨᠠᠭᠤᠷ ᠪᠠ ᠴᠠᠭ᠋ᠠᠨ ᠨᠠᠭᠤᠷ ᠵᠡᠷᠭᠡ ᠭᠣᠣᠯᠳᠠᠯᠭ᠎ᠠ᠎ᠲᠠᠢ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠳᠡᠮᠵᠢᠵᠦ᠂ ᠠᠯᠠᠱ᠌ᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠵᠢ ᠳᠡᠮᠵᠢᠵᠦ᠂ ᠤᠯᠤᠰ᠎ᠤᠨ ᠣᠶ ᠰᠢᠭᠤᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠂ ᠤᠯᠤᠰ᠎ᠤᠨ ᠣᠶ ᠰᠢᠭᠤᠢ ᠵᠢᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ ᠪᠠ ᠤᠯᠤᠰ᠎ᠤᠨ ᠣᠶ ᠵᠢᠨ ᠬᠣᠷᠮᠣᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠬᠤ ᠵᠢ ᠳᠡᠮᠵᠢᠬᠦ ᠬᠡᠷᠡᠭᠲᠡᠢ᠃ ᠪᠠᠰᠠ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠣᠶ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠤᠷᠢᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠲᠣᠮᠢᠯᠠᠨ ᠬᠡᠰᠡᠭ᠂ ᠴᠡᠭ ᠳᠠᠭ᠋ᠠᠭ᠋ᠠᠴᠢᠯᠠᠨ ᠠᠵᠢᠯᠯᠠᠬᠤ ᠵᠢᠯᠣᠭᠣᠳᠤᠯᠭ᠎ᠠ ᠥᠷᠨᠢᠭᠦᠯᠵᠦ᠂ ᠦᠨᠳᠦᠰᠦᠨ ᠱᠠᠲᠤᠨ᠎ᠤ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢ ᠲᠡᠭᠡᠭᠰᠢᠯᠡᠬᠦᠯᠤᠨ᠎ᠡ ᠭᠡᠵᠤ ᠲᠤᠷᠠᠳᠪᠠ᠃