ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ 《ᠳᠠᠭ᠋ᠠᠵᠤ ᠬᠦᠶᠤᠵᠤ》 ᠪᠠᠢ᠌ᠬᠰᠠᠨ᠎ᠠᠴᠠ᠎ᠪᠠᠨ 《ᠳᠠᠭ᠋ᠠᠭᠤᠯᠤᠨ ᠭᠦᠶᠦᠬᠦ》 ᠪᠤᠯᠤᠯ᠎ᠠ
ᠨᠡᠶᠢᠲᠡᠯᠡᠭᠰᠡᠨ ᠴᠠᠭ᠄ 2024-10-15

    2024 ᠣᠨ᠎ᠤ 10 ᠰᠠᠷ᠎ᠠ ᠵᠢᠨ 14 ᠎ᠤ ᠡᠳᠦᠷ ᠪᠣᠯ 55 ᠳ᠋ᠤᠭ᠋ᠠᠷ ᠳᠡᠯᠡᠬᠡᠢ ᠵᠢᠨ ᠪᠠᠷᠢᠮᠵᠢᠶᠠᠵᠢᠭᠤᠯᠤᠯᠳᠠ ᠡᠳᠦᠷ ᠪᠣᠯᠣᠨ᠎ᠠ᠂ ᠲᠤᠰ ᠡᠳᠦᠷ  《ᠪᠠᠷᠢᠮᠵᠢᠶ᠎ᠠ᠎ᠪᠠᠷ ᠳᠠᠭ᠋ᠠᠭᠤᠯᠬᠤ ᠵᠢ ᠴᠢᠩᠭ᠋ᠠᠳᠬᠠᠵᠤ ᠴᠢᠨᠠᠷᠯᠢᠭ ᠬᠥᠭᠵᠢᠯᠲᠡ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠥᠪᠥᠷ ᠮᠣᠩᠭᠣᠯ᠎ᠤᠨ ᠤᠬᠠᠭᠤᠯᠭ᠎ᠠ ᠵᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃ ᠠᠵᠢᠯᠯᠠᠭ᠎ᠠ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ ᠵᠢᠨ ᠠᠵᠢᠯ᠎ᠤᠨ 2023 ᠣᠨ᠎ᠤ  ᠴᠠᠭ᠋ᠠᠨ ᠭᠠᠳᠠᠷᠲᠤ ᠪᠢᠴᠢᠭ》᠎ᠢ ᠨᠡᠢ᠌ᠲᠡᠯᠡᠪᠡ᠃
   ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ᠎ᠬᠢᠨ᠎ᠤ ᠪᠠᠷᠢᠮᠵᠢᠶᠠᠵᠢᠭᠤᠯᠤᠯᠲᠠ ᠵᠢᠨ ᠠᠵᠢᠯ ᠤᠷᠴᠢᠮ᠎ᠤᠨ ᠬᠡᠳᠤᠨ ᠵᠢᠯ ᠮᠡᠳᠡᠭᠳᠡᠮ᠎ᠡ ᠦᠷ᠎ᠡ ᠪᠦᠲᠦᠮᠵᠢ ᠣᠯᠵᠤ᠂ ᠪᠠᠷᠢᠮᠵᠢᠶ᠎ᠠ᠎ᠪᠠᠷ ᠵᠠᠰᠠᠬᠤ ᠣᠳᠣᠬᠢᠴᠢᠯᠠᠯᠲᠠ ᠵᠢᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠡᠢ᠃ ᠡᠭᠦᠨ᠎ᠳᠤ 134 ᠵᠦᠢ᠍ᠯ᠎ᠤᠨ ᠴᠢᠨᠠᠷᠯᠢᠭ ᠬᠥᠭᠵᠢᠯᠲᠡ ᠵᠢᠨ ᠪᠠᠷᠢᠮᠵᠢᠶ᠎ᠠ ᠵᠢᠨ ᠰᠢᠰᠲᠸᠮ᠎ᠤᠨ ᠪᠠᠢ᠌ᠭᠤᠯᠤᠯᠲᠠ ᠵᠢ ᠯᠠᠪᠳᠠᠭᠤᠨ ᠠᠬᠢᠭᠤᠯᠵᠤ᠂ ᠤᠯᠠᠨ ᠤᠯᠤᠰ᠎ᠤᠨ ᠪᠠᠷᠢᠮᠵᠢᠶ᠎ᠠ ᠵᠢ 17 ᠵᠦᠢ᠍ᠯ᠂ ᠤᠯᠤᠰ᠎ᠤᠨ ᠪᠠᠷᠢᠮᠵᠢᠶ᠎ᠠ ᠵᠢ 1442 ᠵᠦᠢ᠍ᠯ᠂ ᠠᠵᠢᠯ ᠲᠦᠷᠦᠯ᠎ᠤᠨ ᠪᠠᠷᠢᠮᠵᠢᠶ᠎ᠠ ᠵᠢ 1707 ᠵᠦᠢ᠍ᠯ᠂ ᠣᠷᠣᠨ ᠨᠤᠲᠤᠭ᠎ᠤᠨ ᠪᠠᠷᠢᠮᠵᠢᠶ᠎ᠠ ᠵᠢ 4383 ᠵᠦᠢ᠍ᠯ᠂ ᠪᠦᠯᠬᠦᠮ᠎ᠤᠨ ᠪᠠᠷᠢᠮᠵᠢᠶ᠎ᠠ ᠵᠢ 833 ᠵᠦᠢ᠍ᠯ᠂ ᠡᠯ᠎ᠡ ᠲᠦᠷᠦᠯ᠎ᠤᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠢ 523 ᠪᠠᠢ᠌ᠭᠤᠯᠤᠬᠰᠠᠨ ᠪᠦᠬᠡᠳ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠰᠠᠭᠤᠷᠢᠨ᠎ᠢ 2  ᠪᠠᠢ᠌ᠭᠤᠯᠤᠬᠰᠠᠨ ᠪᠠᠢ᠌ᠨ᠎ᠠ᠃ 《ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠬᠡᠮᠵᠢᠯᠲᠡ ᠵᠢᠨ ᠬᠢᠨᠠᠨ ᠬᠡᠮᠵᠢᠬᠦ ᠨᠡᠷ᠎ᠡ ᠲᠣᠮᠢᠶ᠎ᠠ》 ᠵᠡᠷᠭᠡ 2 ᠵᠦᠢ᠍ᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠪᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠨᠡᠷ᠎ᠡ ᠲᠣᠮᠢᠶ᠎ᠠ ᠪᠠ ᠨᠡᠭᠦᠷᠡᠰᠦᠲᠥ᠋ᠷᠥᠭᠴᠢ ᠵᠢᠨ ᠬᠠᠳᠠᠭ᠋ᠠᠯᠠᠭᠳᠠᠴᠠ ᠵᠢ ᠪᠠᠢ᠌ᠴᠠᠭ᠋ᠠᠵᠤ ᠲᠣᠭ᠋ᠠᠴᠠᠭ᠎ᠠ ᠬᠢᠬᠦ ᠬᠣᠭᠣᠰᠤᠨ᠎ᠢ ᠨᠥᠬᠥᠪᠦᠷᠢᠯᠡᠪᠡ᠃ 《ᠬᠠᠲᠤᠨ ᠭᠣᠣᠯ᠎ᠤᠨ ᠤᠰᠤᠯᠠᠯᠲᠠ ᠵᠢᠨ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠬᠠᠯᠬᠠᠪᠴᠢ ᠣᠶ ᠳᠠᠷᠢᠬᠤ ᠮᠡᠷᠭᠡᠵᠢᠯ᠎ᠤᠨ ᠳᠦᠷᠢᠮ》 ᠵᠡᠷᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠪᠦᠲᠦᠮᠵᠢᠲᠡᠶ ᠬᠡᠷᠡᠭᠵᠢᠭᠦᠯᠬᠦ ᠠᠵᠢᠯ᠎ᠢ ᠠᠬᠢᠭᠤᠯᠵᠤ᠂ ᠬᠠᠲᠤᠨ ᠭᠣᠣᠯ᠎ᠤᠨ ᠤᠰᠤᠯᠠᠯᠲᠠ ᠵᠢᠨ ᠣᠷᠣᠨ᠎ᠤ 《ᠪᠢᠯᠬᠠᠳᠠᠯ᠎ᠠ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠨ᠂ ᠬᠠᠲᠤᠨ ᠭᠣᠣᠯ᠎ᠤᠨ ᠤᠰᠤ ᠵᠢ 50%᠎ᠠᠴᠠ ᠳᠡᠭᠡᠭᠰᠢ ᠠᠷᠪᠢᠯᠠᠵᠤ᠂ ᠪᠣᠷᠳᠣᠭᠤᠷ᠎ᠢ 20%᠎ᠠᠴᠠ ᠳᠡᠭᠡᠭᠰᠢ ᠠᠷᠪᠢᠯᠠᠵᠤ᠂ ᠬᠠᠲᠤᠨ ᠭᠣᠣᠯ᠎ᠤᠨ ᠡᠮᠦᠨ᠎ᠡ ᠡᠷᠭᠢ ᠵᠢᠨ ᠤᠰᠤᠯᠠᠯᠲᠠ ᠵᠢᠨ ᠣᠷᠣᠨ᠎ᠤ ᠬᠤᠵᠢᠷ ᠬᠠᠮᠤᠭ᠎ᠠᠴᠠ ᠵᠤᠵᠠᠭ᠋ᠠᠨ ᠬᠤᠵᠢᠷᠯᠢᠭ ᠭᠠᠵᠠᠷ᠎ᠤᠨ ᠨᠢᠭᠡ ᠪᠣᠯᠬᠤ ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠤᠨ ᠬᠡᠪ᠎ᠤᠨ ᠤᠨᠠᠯᠲᠠ᠎ᠳᠤ ᠬᠦᠷᠬᠦ ᠴᠢᠬᠤᠯᠠ ᠶᠡᠬᠡ ᠮᠡᠷᠭᠡᠵᠢᠯ᠎ᠤᠨ ᠰᠢᠪᠲᠤᠯᠤᠯᠲᠠ ᠵᠢ ᠪᠡᠶᠡᠯᠡᠭᠦᠯᠪᠡ᠃ ᠡᠯ᠎ᠡ ᠰᠠᠯᠠᠭ᠎ᠠ ᠮᠥᠴᠢᠷ᠎ᠤᠨ ᠬᠠᠮᠲᠤ ᠵᠢᠨ ᠴᠢᠷᠮᠠᠢ᠌ᠯᠭ᠎ᠠ᠎ᠪᠠᠷ ᠮᠠᠨ᠎ᠤ ᠣᠷᠣᠨ᠎ᠤ ᠪᠠᠷᠢᠮᠵᠢᠶᠠᠵᠢᠭᠤᠯᠤᠯᠲᠠ ᠵᠢᠨ ᠠᠵᠢᠯ ᠶᠠᠭ 《ᠳᠠᠭ᠋ᠠᠵᠤ ᠬᠦᠶᠤᠵᠤ》 ᠪᠠᠢ᠌ᠭᠰᠠᠨ᠎ᠠᠴᠠ᠎ᠪᠠᠨ 《ᠵᠡᠷᠬᠡᠴᠡᠨ ᠭᠦᠶᠦᠬᠦ》 《ᠳᠠᠭ᠋ᠠᠭᠤᠯᠤᠨ ᠭᠦᠶᠦᠬᠦ》 ᠲᠡᠢ᠌ᠰᠢ ᠠᠯᠬᠤᠮ ᠠᠯᠬᠤᠮ ᠵᠶ᠋ᠠᠷ  ᠬᠤᠪᠢᠷᠠᠵᠤ ᠪᠠᠢ᠌ᠭ᠎ᠠ ᠶᠤᠮ ᠪᠠᠢ᠌ᠨ᠎ᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠪᠠᠷᠢᠮᠵᠢᠶᠠᠵᠢᠭᠤᠯᠤᠨ ᠵᠠᠰᠠᠬᠤ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ ᠪᠠᠷᠢᠮᠵᠢᠶᠠᠵᠢᠭᠤᠯᠤᠨ ᠵᠠᠰᠠᠬᠤ ᠦᠷ᠎ᠡ ᠪᠦᠲᠦᠮᠵᠢ ᠵᠢ ᠴᠢᠩᠭ᠋ᠠᠷᠠᠭᠤᠯᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠠᠷᠢᠮᠵᠢᠶ᠎ᠠ᠎ᠪᠠᠷ ᠰᠠᠭᠤᠷᠢ ᠵᠢ ᠴᠢᠩᠭ᠋ᠠᠳᠬᠠᠬᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠠᠷᠢᠮᠵᠢᠶ᠎ᠠ᠎ᠪᠠᠷ ᠶᠠᠰᠤ ᠴᠢᠨᠠᠷ᠎ᠢ ᠳᠡᠭᠡᠭᠰᠢᠯᠡᠭᠦᠯᠬᠦ᠂ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ ᠪᠠᠷᠢᠮᠵᠢᠶ᠎ᠠ᠎ᠪᠠᠷ ᠳᠠᠭ᠋ᠠᠭᠤᠯᠬᠤ᠂ ᠨᠡᠢ᠌ᠭᠡᠮ᠎ᠤᠨ ᠵᠠᠰᠠᠯᠲᠠ ᠵᠢᠨ ᠪᠠᠷᠢᠮᠵᠢᠶ᠎ᠠ ᠵᠢ ᠲᠠᠰ ᠳᠡᠪᠰᠢᠭᠦᠯᠬᠦ ᠵᠡᠷᠭᠡ ᠠᠵᠢᠯ᠎ᠢ ᠭᠣᠣᠯᠳᠠᠯᠭ᠎ᠠ᠎ᠲᠠᠢ  ᠠᠬᠢᠭᠤᠯᠤᠭ᠋ᠠᠳ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠪᠠ ᠳᠠᠭ᠋ᠠᠭᠤᠯᠬᠤ ᠦᠢ᠍ᠯᠡᠳᠦᠯ᠎ᠢ ᠪᠥᠬᠥ ᠲᠠᠯ᠎ᠠ᠎ᠪᠠᠷ  ᠪᠠᠳᠠᠷᠠᠭᠤᠯᠵᠤ ᠪᠠᠢ᠌ᠨ᠎ᠠ᠃




     

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠰᠢᠨᠵᠢᠯᠡᠬᠦ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ 1439 ᠬᠦᠮᠦᠷᠬᠡᠯᠡᠪᠡ ᠬᠥᠮᠥᠷᠭᠡ᠎ᠳᠤ ᠣᠷᠣᠭᠤᠯᠪᠠ
ᠥᠪᠥᠷ ᠮᠣᠩᠭᠣᠯ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠬᠦ ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ 30 ᠳ᠋ᠦᠩᠰᠢᠭᠤᠷ ᠲᠥᠭᠥᠷᠢᠭ᠎ᠢ ᠪᠦᠬᠦᠨ᠎ᠢ ᠠᠢ᠌ᠮᠠᠭ ᠬᠣᠲᠠ᠎ᠳᠤ ᠪᠠᠭᠤᠯᠭ᠋ᠠᠪᠠ
ᠵᠢᠷᠭᠤᠳᠤᠭ᠋ᠠᠷ ᠬᠤᠭᠤᠴᠠᠭ᠋ᠠᠨ᠎ᠤ ᠬᠠᠲᠤᠨ ᠭᠣᠣᠯ᠎ᠤᠨ ᠠᠮᠢ ᠠᠬᠤᠢ ᠵᠢᠨ ᠪᠣᠯᠪᠠᠰᠤᠨ᠎ᠤ ᠣᠯᠠᠨ ᠤᠯᠤᠰ᠎ᠤᠨ ᠶᠠᠷᠢᠶᠠᠨ᠎ᠤ ᠲᠠᠪᠴᠠᠩ ᠬᠥᠬᠡᠬᠣᠲᠠ᠎ᠳᠤ ᠡᠬᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠬᠤᠷᠠᠯᠳᠤᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ᠎ᠬᠢᠨ ᠳᠣᠯᠣᠳᠤᠭ᠋ᠠᠷ ᠤᠳᠠᠭ᠎ᠠ ᠵᠢᠨ ᠲᠥᠯᠥᠭᠡᠯᠡᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠪᠠ
 
            