ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠠᠷ ᠥᠪᠥᠷ ᠮᠣᠩᠭᠣᠯ᠎ᠤᠨ᠎ᠬᠢᠨ 2024 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ ᠭᠤᠷᠪᠠᠨ ᠪᠦᠯᠦᠭ ᠬᠤᠪᠢᠶᠠᠨ 1439 ᠰᠢᠨᠵᠢᠯᠡᠬᠦ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠬᠥᠮᠥᠷᠭᠡ᠎ᠳᠤ ᠣᠷᠣᠭᠤᠯᠤᠭᠰᠠᠨ ᠪᠠᠢ᠌ᠨ᠎ᠠ᠃
ᠣᠷᠣᠨ ᠪᠦᠰᠡ ᠵᠢᠨ ᠲᠠᠷᠬᠠᠯᠲᠠ᠎ᠠᠴᠠ ᠦᠵᠡᠪᠡᠯ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠲᠣᠭ᠎ᠠ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠬᠠᠳᠠ ᠬᠣᠲᠠ ᠪᠠ ᠬᠢᠩᠭ᠋ᠠᠨ ᠠᠢ᠌ᠮᠠᠭ᠂ ᠲᠣᠭ᠎ᠠ ᠨᠢ ᠲᠣᠰ ᠲᠣᠰ 362᠂ 310᠂ 286᠂ 126 ᠪᠠ 94᠂ ᠬᠥᠬᠡᠬᠣᠲᠠ ᠪᠤᠭᠤᠲᠤ ᠣᠷᠳᠣᠰ ᠭᠤᠷᠪᠠᠨ ᠭᠠᠵᠠᠷ᠎ᠤᠨ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ᠎ᠨᠢ 66% ᠵᠢ ᠳᠠᠪᠠᠵᠠᠢ᠃
ᠠᠵᠢᠯ ᠲᠥᠷᠥᠯ᠎ᠤᠨ ᠬᠦᠷᠢᠶ᠎ᠡ ᠴᠠᠷᠠᠭ᠎ᠠ᠎ᠠᠴᠠ ᠠᠪᠴᠤ ᠦᠵᠡᠪᠡᠯ᠂ ᠦᠢ᠍ᠯᠡᠳᠬᠦ ᠦᠢ᠍ᠯᠡᠰ᠎ᠤᠨ ᠬᠦᠷᠢᠶ᠎ᠡ ᠴᠠᠷᠠᠭ᠎ᠠ᠎ᠳᠤ᠎ᠬᠢ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠲᠣᠭ᠎ᠠ ᠬᠠᠮᠤᠭ᠎ᠤᠨ ᠣᠯᠠᠨ ᠂ 504 ᠠᠵᠤ ᠠᠬᠤᠢ᠌ᠯᠠᠯ᠎ᠳᠤ ᠬᠦᠷᠴᠦ᠂ 35% ᠵᠢ ᠡᠵᠡᠯᠡᠪᠡ᠃ ᠳᠠᠷᠠᠭ᠋ᠠᠯᠠᠪᠠᠯ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 381 ᠪᠠᠢ᠌ᠵᠤ᠂ 26% ᠵᠢ ᠡᠵᠡᠯᠡᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠲᠣᠭ᠎ᠠ᠎ᠨᠢ ᠭᠤᠷᠪᠠᠳᠤᠭ᠋ᠠᠷ᠎ᠲᠤ ᠣᠷᠣᠵᠤ 275 ᠠᠵᠤ ᠠᠬᠤᠢ᠌ᠯᠠᠯ 19% ᠵᠢ ᠡᠵᠡᠯᠡᠪᠡ᠃
ᠰᠢᠨ᠎ᠡ ᠵᠢ ᠡᠭᠦᠳᠬᠦ ᠴᠢᠳᠠᠪᠤᠷᠢ᠎ᠠᠴᠠ ᠠᠪᠴᠤ ᠦᠵᠡᠪᠡᠯ᠂ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ᠎ᠤᠨ ᠲᠥᠷᠥᠯ᠎ᠤᠨ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ᠎ᠨᠢ 42%᠂ ᠰᠤᠳᠤᠯᠤᠨ ᠨᠡᠭᠡᠭᠡᠬᠦ ᠪᠠᠢ᠌ᠭᠤᠯᠤᠮᠵᠢ᠎ᠲᠠᠢ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ᠎ᠨᠢ 15% ᠪᠣᠯᠣᠨ᠎ᠠ᠃ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠲᠦᠷᠦᠭᠦᠸ᠋ ᠵᠢᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠪᠥᠬᠥ ᠲᠣᠭ᠎ᠠ 23.29 ᠳ᠋ᠦᠩᠰᠢᠭᠤᠷ ᠲᠥᠭᠥᠷᠢᠭ᠎ᠲᠤ ᠬᠦᠷᠴᠦ᠂ ᠡᠭᠦᠨ᠎ᠳᠤ 40% ᠵᠢᠨ ᠠᠵᠤ ᠠᠬᠤᠢ᠌ᠯᠠᠯ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠲᠥᠷᠥ ᠵᠢᠨ ᠪᠣᠳᠣᠯᠭ᠎ᠠ ᠵᠢ ᠭᠥᠷᠳᠡᠵᠦ᠂ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠵᠣᠭᠣᠰ᠎ᠤᠨ ᠲᠣᠭ᠎ᠠ 8.61 ᠳ᠋ᠦᠩᠰᠢᠭᠤᠷ ᠲᠥᠭᠥᠷᠢᠭ᠎ᠲᠤ ᠬᠥᠷᠪᠡ᠃ ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠳᠣᠲᠣᠷ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠲᠣᠭ᠎ᠠ 33% ᠵᠢ ᠡᠵᠡᠯᠡᠵᠦ ᠪᠠᠢ᠌ᠨ᠎ᠠ᠃ ᠦᠷ᠎ᠡ ᠪᠦᠲᠦᠭᠡᠯ᠎ᠤᠨ ᠭᠠᠷᠭ᠋ᠠᠯᠲᠠ ᠵᠢᠨ ᠲᠠᠯ᠎ᠠ᠎ᠪᠠᠷ 1439 ᠬᠥᠮᠥᠷᠭᠡ᠎ᠳᠤ ᠣᠷᠣᠭᠤᠯᠤᠭᠰᠠᠨ ᠠᠵᠤ ᠠᠬᠤᠢ᠌ᠯᠠᠯ ᠡᠯ᠎ᠡ ᠲᠥᠷᠥᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠨᠡᠶ᠋ᠢᠲᠡ 15843 ᠵᠦᠢ᠍ᠯ ᠡᠵᠡᠮᠰᠢᠵᠦ᠂ ᠡᠭᠦᠨ᠎ᠳᠤ Ⅰ ᠲᠥᠷᠥᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ (ᠡᠭᠦᠳᠦᠯᠲᠡ ᠵᠢᠨ ᠲᠤᠰᠬᠠᠢ ᠠᠰᠢᠭ᠂ ᠬᠤᠷᠠᠮᠠᠯ ᠴᠠᠬᠢᠯᠭ᠋ᠠᠨ ᠬᠡᠯᠬᠢᠶᠡᠨ᠎ᠤ ᠪᠠᠢ᠌ᠷᠢᠯᠠᠭᠤᠯᠤᠯᠲᠠ ᠵᠢᠨ ᠵᠢᠷᠤᠭ᠎ᠢ ᠵᠢᠷᠤᠵᠤ ᠲᠥᠯᠥᠪᠯᠡᠬᠦ ᠲᠤᠰᠬᠠᠢ ᠡᠷᠬᠡ) 1184 ᠵᠦᠢ᠍ᠯ᠂ Ⅱ ᠲᠥᠷᠥᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ (ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠢ ᠠᠰᠢᠭ᠂ ᠵᠥᠭᠡᠯᠡᠨ ᠬᠡᠷᠡᠭᠰᠡᠯ᠎ᠤᠨ ᠵᠣᠬᠢᠶᠠᠯ ᠪᠦᠲᠦᠭᠡᠯ᠎ᠤᠨ ᠡᠷᠬᠡ) 14659 ᠵᠦᠢ᠍ᠯ ᠪᠣᠶ᠃
ᠣᠳᠣᠬᠠᠨ᠎ᠳᠤ ᠥᠪᠥᠷ ᠮᠣᠩᠭᠣᠯ᠎ᠤᠨ ᠳᠥᠷᠪᠡᠳᠦᠭᠡᠷ ᠪᠦᠯᠦᠭ᠎ᠤᠨ ᠰᠢᠨᠵᠢᠯᠡᠬᠦ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠬᠥᠮᠥᠷᠭᠡ᠎ᠳᠤ ᠣᠷᠣᠭᠤᠯᠬᠤ ᠠᠵᠢᠯ ᠢᠯᠡᠵᠢᠬᠦᠯᠬᠦ ᠱᠠᠲᠤᠨ᠎ᠳᠤ ᠤᠷᠤᠭ᠋ᠠᠳ ᠪᠠᠢ᠌ᠨ᠎ᠠ᠃