ᠸᠠᠩ ᠴᠠᠩ ᠯᠢᠨ᠂ ᠪᠦᠦ ᠰᠢᠶᠠᠨ ᠬᠤᠸᠠ᠂ ᠲᠠᠹᠢᠷᠨ ᠨᠠᠷ ᠪᠠᠶᠠᠷ᠎ᠤᠨ ᠦᠭᠡ ᠬᠡᠯᠡᠵᠡᠢ
ᠵᠢᠷᠭᠤᠳᠤᠭ᠋ᠠᠷ ᠬᠤᠭᠤᠴᠠᠭ᠋ᠠᠨ᠎ᠤ ᠬᠠᠳᠤᠨ ᠭᠣᠣᠯ᠎ᠤᠨ ᠠᠮᠢ ᠠᠬᠤᠢ ᠵᠢᠨ ᠪᠣᠯᠪᠠᠰᠤᠨ᠎ᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠢ 10 ᠳ᠋ᠤᠭ᠋ᠠᠷ ᠰᠠᠷ᠎ᠠ ᠵᠢᠨ 19 ᠤ ᠡᠳᠦᠷ ᠬᠦᠬᠡᠬᠤᠳᠠ᠎ᠳᠤ ᠡᠷᠬᠢᠯᠡᠯ᠎ᠡ᠃
ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠸᠠᠩ ᠴᠠᠩ ᠯᠢᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠡᠸᠽᠢᠤᠫᠢᠶ᠎ᠠ ᠵᠢᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢ᠌ᠳ ᠲᠠᠹᠸᠢᠷᠨ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃
ᠲᠤᠰ ᠶᠠᠷᠢᠶᠠᠨ᠎ᠤ ᠲᠠᠪᠴᠠᠩ᠎ᠨᠢ 《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷᠯᠢᠭ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠪᠠ᠃ ᠶᠠᠷᠢᠶᠠᠨ᠎ᠤ ᠲᠠᠪᠴᠠᠩ᠎ᠳᠤ ᠡᠬᠢᠯᠡᠯᠲᠡ ᠵᠢᠨ ᠶᠣᠰᠣᠯᠠᠯ ᠭᠣᠣᠯ ᠵᠤᠷᠢᠯᠳᠠᠳᠤ ᠶᠠᠷᠢᠶ᠎ᠠ ᠢᠯᠡᠳᠬᠡᠯ ᠪᠣᠯᠣᠨ ᠬᠣᠶᠠᠷ ᠲᠠᠯᠠᠪᠤᠷ ᠵᠡᠷᠭᠡᠴᠡᠭᠡ ᠶᠠᠷᠢᠶᠠᠨ᠎ᠤ ᠲᠠᠪᠴᠠᠩ ᠭᠡᠬᠦ ᠭᠤᠷᠪᠠᠨ ᠠᠭᠤᠯᠭ᠎ᠠ ᠵᠢ ᠪᠠᠭᠲᠠᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ 50 ᠭᠠᠷᠤᠢ ᠬᠦᠨᠳᠦᠲᠦ ᠵᠣᠴᠢᠳ᠎ᠤᠨ ᠲᠥᠯᠥᠭᠡᠯᠡᠭᠴᠢ ᠬᠠᠳᠤᠨ ᠭᠣᠣᠯ᠎ᠤᠨ ᠠᠮᠢ ᠠᠬᠤᠢ ᠵᠢᠨ ᠪᠣᠯᠪᠠᠰᠤᠨ᠎ᠤ ᠲᠣᠭᠣᠷᠢᠨ᠎ᠳᠤ ᠬᠦᠷᠢᠶᠡᠨ᠎ᠤ ᠡᠮᠦᠨ᠎ᠡ ᠵᠠᠬ᠎ᠠ ᠵᠢ ᠬᠤᠪᠢᠶᠠᠯᠴᠠᠵᠤ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ ᠵᠶ᠋ᠡᠨ ᠰᠣᠯᠢᠯᠴᠠᠪᠠ᠃