ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠬᠤᠷᠠᠯᠳᠤᠪᠠ
ᠨᠡᠶᠢᠲᠡᠯᠡᠭᠰᠡᠨ ᠴᠠᠭ᠄ 2024-10-28

ᠬᠦᠤᠳᠠᠭᠤᠯᠨ ᠬᠤᠷᠠᠯ᠎ᠢ ᠡᠷᠬᠢᠯᠡᠪᠡ᠂ ᠶᠤᠤ ᠶᠦᠡᠭ ᠪᠦᠸᠸ᠂ ᠠᠨ ᠷᠦᠨ ᠱᠸᠡᠭ ᠨᠠᠷ ᠬᠤᠷᠠᠯ᠎ᠳᠤ ᠤᠷᠤᠯᠴᠠᠵᠠᠢ
 
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ᠎ᠬᠢᠨ 10 ᠳ᠋ᠤᠭ᠋ᠠᠷ ᠰᠠᠷ᠎ᠠ ᠵᠢᠨ 26᠎ᠤ ᠡᠳᠦᠷ  2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠪᠤᠯᠬᠤ ᠠᠷᠠᠳ᠎ᠠᠴᠠ ᠡᠵᠡᠩᠨᠡᠭᠰᠡᠨ ᠲᠤᠰᠬᠠᠢ ᠠᠵᠢᠯᠯᠠᠭ᠎ᠠ᠎ᠳᠤ ᠴᠠᠭ᠋ᠠᠷᠠᠭᠰᠠᠨ ᠣᠨᠴᠠ ᠰᠢᠨ᠎ᠡ ᠠᠵᠤ ᠠᠬᠤᠢ᠌ᠯᠠᠯ᠎ᠤᠨ ᠲᠤᠰᠬᠠᠢ ᠠᠵᠢᠯᠯᠠᠭ᠎ᠠ ᠵᠢ ᠡᠷᠭᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠦᠤᠳᠠᠭᠤᠯᠨ ᠬᠤᠷᠠᠯ᠎ᠢ ᠡᠷᠬᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠲᠡᠷᠢᠭᠦᠯᠡᠭᠴᠢ ᠠᠨ ᠷᠦᠨ ᠱᠧᠩ ᠨᠠᠷ ᠬᠤᠷᠠᠯ᠎ᠳᠤ ᠤᠷᠤᠯᠴᠠᠬᠰᠠᠨ ᠪᠠᠢ᠌ᠨ᠎ᠠ᠃
      ᠬᠦᠤᠳᠠᠭᠤᠯᠨ᠄ 《ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠪᠠᠭ᠎ᠠ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ  ᠮᠠᠰᠢᠳᠠ ᠴᠢᠬᠤᠯᠠᠴᠢᠯᠠᠬᠰᠠᠭ᠋ᠠᠷ ᠢᠷᠡᠭᠰᠡᠨ ᠶᠤᠮ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ᠎ᠬᠢᠨ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ   ᠢᠳᠡᠪᠬᠢᠲᠡᠢ᠎ᠪᠠᠷ ᠥᠭᠡᠷᠡᠴᠢᠯᠡᠯᠲᠡ ᠬᠢᠵᠦ ᠰᠢᠨ᠎ᠡ ᠵᠢ ᠡᠬᠦᠳᠤᠬᠡᠳ ᠮᠠᠨ᠎ᠤ ᠣᠷᠣᠨ᠎ᠤ ᠠᠵᠤ ᠠᠬᠤᠢ ᠵᠢᠨ ᠴᠢᠨᠠᠷᠯᠢᠭ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠌ᠨ᠎ᠠ》 ᠭᠡᠵᠦ ᠬᠡᠯᠡᠪᠡ᠃
    ᠶᠤᠤ ᠶᠦᠩ ᠪᠥᠸᠧ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠠᠵᠢᠯᠯᠠᠭ᠋ᠠᠨ᠎ᠤ ᠪᠠᠢ᠌ᠳᠠᠯ᠎ᠢ ᠲᠠᠨᠢᠯᠴᠠᠭᠤᠯᠤᠬᠰᠠᠨ᠎ᠤ ᠲᠠᠷᠠᠭ᠎ᠠ᠄ 《ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠢ᠌ᠯᠠᠯ᠎ᠢ ᠳᠡᠮᠵᠢᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ ᠣᠯᠣᠯᠴᠠᠭ᠎ᠠ ᠦᠢ᠍ᠯᠡᠴᠢᠯᠡᠭᠡ᠎ᠪᠠᠨ ᠴᠢᠩᠭ᠋ᠠᠳᠬᠠᠵᠤ ᠠᠵᠤ ᠠᠬᠤᠢ᠌ᠯᠠᠯ᠎ᠢ ᠬᠠᠪᠰᠤᠷᠤᠨ ᠬᠥᠭᠵᠢᠯᠲᠡ ᠵᠢᠨ ᠢᠲᠡᠭᠡᠯ᠎ᠢ᠎ᠨᠢ ᠬᠦᠪᠴᠢᠯᠡᠨ ᠥᠷᠢᠰᠦᠯᠳᠦᠬᠦ ᠬᠦᠴᠦᠨ᠎ᠢ᠎ᠨᠢ  ᠨᠡᠮᠩᠳᠡᠬᠦᠯᠤᠬᠡᠳ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ》 ᠭᠡᠵᠦ  ᠴᠢᠬᠤᠯᠠᠴᠢᠯᠠᠨ ᠲᠤᠷᠠᠳᠤᠯ᠎ᠠ᠃
     ᠬᠤᠷᠠᠯ ᠳᠡᠭᠡᠷ᠎ᠡ ᠪᠠᠰᠨ 6 ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ᠎ᠬᠢᠨ ᠶᠠᠷᠢᠶ᠎ᠠ ᠲᠠᠯᠪᠢᠵᠤ ᠬᠣᠯᠪᠣᠭᠳᠠᠯ ᠪᠦᠬᠦᠢ ᠭᠠᠵᠠᠷ ᠣᠷᠣᠨ᠎ᠤ ᠨᠢᠬᠡᠴᠢ ᠵᠢᠨ᠎ᠬᠢᠨ ᠨᠢᠭᠡᠳ ᠨᠢᠭᠡ᠎ᠪᠠᠷ ᠬᠠᠷᠢᠭᠤᠯᠲᠠ ᠥᠭᠴᠡᠢ᠃





   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ᠎ᠬᠢᠨ ᠳᠣᠯᠣᠳᠤᠭ᠋ᠠᠷ ᠤᠳᠠᠭ᠎ᠠ ᠵᠢᠨ ᠲᠥᠯᠥᠭᠡᠯᠡᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠮᠠᠨ᠎ᠤ ᠤᠷᠤᠨ16.52 ᠳ᠋ᠦᠩᠰᠢᠭᠤᠷ ᠲᠥᠭᠥᠷᠢᠭ ᠵᠶ᠋ᠡᠷ ᠳᠡᠭᠡᠳᠦ ᠰᠤᠷᠭ᠋ᠠᠭᠤᠯᠢ ᠵᠢᠨ ᠲᠡᠷᠢᠭᠦᠨ ᠲᠠᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠦᠳᠤᠬᠡᠨ ᠪᠠᠢ᠌ᠭᠤᠯᠤᠯᠳᠠ ᠵᠢ ᠲᠡᠮᠵᠢᠪᠡ
ᠣᠯᠠᠨ ᠲᠦᠮᠡᠨ᠎ᠤ ᠠᠮᠤᠷ ᠲᠦᠪᠰᠢᠨ᠎ᠤ ᠰᠡᠳᠬᠢᠭᠳᠡᠯ᠎ᠢ ᠳᠡᠭᠡᠭᠰᠢᠯᠡᠭᠦᠯᠵᠦ ᠨᠡᠢ᠌ᠭᠡᠮ᠎ᠤᠨ ᠶᠡᠬᠡ ᠪᠠᠢ᠌ᠳᠠᠯ᠎ᠤᠨ ᠲᠤᠭᠳᠠᠭᠤᠨ᠎ᠢ ᠪᠠᠳᠤᠯᠠᠬᠤ ᠬᠡᠷᠡᠭᠳᠡᠢ
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠬᠯᠠᠭ᠋ᠠᠨ ᠦᠨᠳᠤᠷᠯᠡᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ
 
            