ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ᠎ᠬᠢᠨ ᠳᠣᠯᠣᠳᠤᠭ᠋ᠠᠷ ᠤᠳᠠᠭ᠎ᠠ ᠵᠢᠨ ᠲᠥᠯᠥᠭᠡᠯᠡᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-10-30

ᠱ᠌ᠢ ᠭᠤᠸᠠᠩ ᠬᠤᠢ᠂ ᠯᠢ ᠪᠢᠩ ᠷᠦᠩ᠂ ᠵᠠᠩ ᠯᠧᠢ ᠨᠠᠷ ᠬᠤᠷᠠᠯ᠎ᠳᠤ ᠤᠷᠤᠯᠴᠠᠵᠤ᠂ ᠵᠠᠩ ᠮᠧᠢ ᠯᠢᠨ ᠶᠠᠩ ᠵᠢᠨ ᠶᠠᠷᠢᠶ᠎ᠠ ᠲᠠᠯᠪᠢᠵᠠᠢ

     

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠳᠣᠯᠣᠳᠤᠭ᠋ᠠᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ 10 ᠳ᠋ᠤᠭ᠋ᠠᠷ ᠰᠠᠷ᠎ᠠ ᠵᠢᠨ 29᠎ᠤ ᠡᠳᠦᠷ ᠬᠥᠬᠡᠬᠣᠲᠠ᠎ᠳᠤ ᠬᠤᠷᠠᠯᠳᠤᠯ᠎ᠠ᠃    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠱ᠌ᠢ ᠭᠤᠸᠠᠩ ᠬᠣᠶ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠯᠢ ᠪᠢᠩ ᠷᠦᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠠᠩ ᠯᠧᠢ ᠬᠤᠷᠠᠯ᠎ᠳᠤ ᠣᠷᠣᠯᠴᠠᠵᠤ᠂ ᠪᠥᠬᠥ ᠳᠤᠮᠳᠠᠳᠤ ᠵᠢᠨ ᠬᠠᠩᠭ᠋ᠠᠨ ᠪᠣᠷᠣᠯᠠᠭᠤᠯᠬᠤ ᠶᠡᠷᠦᠩᠬᠡᠢ ᠬᠣᠷᠰᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠬᠡᠷᠡᠭ ᠡᠷᠬᠢᠯᠡᠭᠴᠢᠳ᠎ᠤᠨ ᠬᠤᠷᠠᠯ᠎ᠤᠨ ᠳᠡᠳ᠋ ᠡᠷᠬᠢᠯᠡᠭᠴᠢ ᠵᠠᠩ ᠮᠧᠶ ᠯᠢᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
   ᠬᠤᠷᠠᠯ ᠲᠡᠬᠡᠷ᠎ᠡ᠄ 《ᠪᠦᠬᠦ ᠣᠷᠣᠨ᠎ᠤ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠰᠢᠰᠲᠸᠮ᠎ᠤᠨ᠎ᠬᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠵᠦ ᠥᠭᠡᠷᠡᠴᠢᠯᠡᠯᠲᠡ᠎ᠪᠠᠷ ᠬᠤᠷᠰᠢᠶ᠎ᠠ ᠵᠢ ᠬᠦᠴᠦᠷᠬᠡᠭᠵᠢᠭᠦᠯᠬᠦ᠂ ᠦᠢ᠍ᠯᠡᠴᠢᠯᠡᠭᠡ᠎ᠪᠠᠷ ᠬᠤᠷᠰᠢᠶ᠎ᠠ ᠵᠢ ᠪᠠᠶ᠋ᠢᠭᠤᠯᠬᠤ᠂ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠬᠤᠷᠰᠢᠶ᠎ᠠ ᠵᠢ ᠪᠡᠬᠢᠵᠢᠭᠦᠯᠬᠦ᠎ᠪᠠᠷ ᠴᠢᠷᠮᠠᠢ᠌ᠵᠤ ᠠᠵᠤ ᠠᠬᠤᠢ᠌ᠯᠠᠯ ᠵᠶ᠋ᠠᠷ ᠬᠤᠷᠰᠢᠶ᠎ᠠ ᠵᠢ ᠬᠥᠭᠵᠢᠭᠦᠯᠬᠦ᠂ ᠬᠤᠷᠰᠢᠶ᠎ᠠ ᠵᠢ ᠴᠢᠩᠭ᠎ᠠ ᠵᠠᠰᠠᠬᠤ ᠰᠢᠨ᠎ᠡ ᠪᠠᠢ᠌ᠳᠠᠯ᠎ᠢ ᠪᠤᠢ ᠪᠣᠯᠭ᠋ᠠᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ᠎ᠪᠠᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ》 ᠭᠡᠵᠦ ᠱᠠᠭ᠋ᠠᠷᠳᠠᠪᠠ᠃
   ᠬᠤᠷᠠᠯ᠎ᠤᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠠᠵᠢᠯ᠎ᠤᠨ ᠮᠡᠳᠡᠭᠦᠯᠦᠯᠲᠡ᠂ ᠬᠢᠨᠠᠭᠴᠢᠳ᠎ᠤᠨ ᠵᠥᠪᠯᠡᠯ᠎ᠤᠨ ᠠᠵᠢᠯ᠎ᠤᠨ ᠮᠡᠳᠡᠭᠦᠯᠦᠯᠲᠡ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠰᠣᠨᠣᠰᠬᠤ ᠪᠥᠭᠡᠳ ᠬᠢᠨᠠᠨ ᠵᠥᠪᠯᠡᠵᠦ ᠳᠣᠯᠣᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠂ ᠬᠢᠨᠠᠭᠴᠢᠳ᠎ᠤᠨ ᠵᠥᠪᠯᠡᠯ᠎ᠢ ᠰᠣᠩᠭᠣᠨ ᠭᠠᠷᠭ᠋ᠠᠬᠤ ᠪᠤᠯᠤᠨ᠎ᠠ᠃








    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ16.52 ᠳ᠋ᠦᠩᠰᠢᠭᠤᠷ ᠲᠥᠭᠥᠷᠢᠭ ᠵᠶ᠋ᠡᠷ ᠳᠡᠭᠡᠳᠦ ᠰᠤᠷᠭ᠋ᠠᠭᠤᠯᠢ ᠵᠢᠨ ᠲᠡᠷᠢᠭᠦᠨ ᠲᠠᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠦᠳᠤᠬᠡᠨ ᠪᠠᠢ᠌ᠭᠤᠯᠤᠯᠳᠠ ᠵᠢ ᠲᠡᠮᠵᠢᠪᠡ
ᠣᠯᠠᠨ ᠲᠦᠮᠡᠨ᠎ᠤ ᠠᠮᠤᠷ ᠲᠦᠪᠰᠢᠨ᠎ᠤ ᠰᠡᠳᠬᠢᠭᠳᠡᠯ᠎ᠢ ᠳᠡᠭᠡᠭᠰᠢᠯᠡᠭᠦᠯᠵᠦ ᠨᠡᠢ᠌ᠭᠡᠮ᠎ᠤᠨ ᠶᠡᠬᠡ ᠪᠠᠢ᠌ᠳᠠᠯ᠎ᠤᠨ ᠲᠤᠭᠳᠠᠭᠤᠨ᠎ᠢ ᠪᠠᠳᠤᠯᠠᠬᠤ ᠬᠡᠷᠡᠭᠳᠡᠢ
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠬᠯᠠᠭ᠋ᠠᠨ ᠦᠨᠳᠤᠷᠯᠡᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠬᠤᠷᠠᠯᠳᠤᠪᠠ
 
            