ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠣᠯᠠᠨ ᠲᠦᠮᠡᠨ᠎ᠤ ᠠᠮᠤᠷ ᠲᠦᠪᠰᠢᠨ᠎ᠤ ᠰᠡᠳᠬᠢᠭᠳᠡᠯ᠎ᠢ ᠳᠡᠭᠡᠭᠰᠢᠯᠡᠭᠦᠯᠵᠦ ᠨᠡᠢ᠌ᠭᠡᠮ᠎ᠤᠨ ᠶᠡᠬᠡ ᠪᠠᠢ᠌ᠳᠠᠯ᠎ᠤᠨ ᠲᠤᠭᠳᠠᠭᠤᠨ᠎ᠢ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄ 2024-11-18

ᠱ᠌ᠢ ᠭᠤᠸᠠᠩ ᠬᠤᠢ ᠬᠥᠬᠡᠬᠣᠲᠠ᠎ᠳᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠪᠠᠢ᠌ᠴᠠᠭ᠋ᠠᠨ ᠰᠤᠳᠤᠯᠪᠠ
ᠵᠧᠩ ᠭᠤᠸᠠᠩ ᠵᠤᠤ ᠬᠠᠮᠳᠤ ᠪᠠᠢ᠌ᠴᠠᠭ᠋ᠠᠨ ᠰᠤᠳᠤᠯᠵᠠᠢ

   

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ 11 ᠳ᠋ᠤᠬᠡᠷ ᠰᠠᠷ᠎ᠠ ᠵᠢᠨ 16᠎ᠤ ᠡᠳᠦᠷ ᠬᠥᠬᠡᠬᠣᠲᠠ᠎ᠳᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠪᠠᠢ᠌ᠴᠠᠭ᠋ᠠᠨ ᠰᠤᠳᠤᠯᠬᠤ᠎ᠳᠤ᠎ᠪᠠᠨ ᠡᠮᠦᠨ᠎ᠡ ᠹᠷᠣᠨᠲ᠎ᠤᠨ ᠠᠷᠠᠳ᠎ᠤᠨ ᠲᠤᠰᠠᠯᠠᠬ᠍ᠴᠢ ᠴᠠᠭᠳᠠᠭ᠎ᠠ ᠨᠠᠷ᠎ᠢ  ᠲᠤᠬᠤᠨᠢᠭᠤᠯᠪᠠ᠃
   ᠱ᠌ᠢ ᠭᠤᠸᠠᠩ ᠬᠤᠢ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠂ ᠨᠡᠢ᠌ᠭᠡᠮ ᠲᠣᠭᠣᠷᠢᠭ᠎ᠤᠨ ᠴᠠᠭᠳᠠᠭ᠋ᠠᠨ᠎ᠤ ᠶᠠᠪᠤᠳᠠᠯ᠎ᠤᠨ ᠲᠠᠰᠤᠭ ᠵᠡᠷᠭᠡ ᠦᠨᠳᠦᠰᠦᠨ ᠱᠠᠲᠤᠨ᠎ᠤ ᠨᠢᠬᠡᠴᠢ᠎ᠳᠤ ᠬᠦᠷᠴᠦ ᠠᠷᠠᠳ᠎ᠤᠨ ᠲᠤᠰᠠᠯᠠᠬ᠍ᠴᠢ ᠴᠠᠭᠳᠠᠭ᠎ᠠ᠎ᠲᠠᠢ ᠶᠠᠷᠢᠯᠴᠠᠬᠤ᠎ᠳᠤ᠎ᠪᠠᠨ ᠤᠯᠠᠨ᠎ᠢ ᠤᠯᠠᠨ ᠲᠦᠮᠡᠨ᠎ᠳᠤ ᠨᠡᠩ ᠰᠠᠢ᠌ᠲᠤᠷ ᠦᠢ᠍ᠯᠡᠴᠢᠯᠡᠵᠦ᠂ ᠵᠥᠷᠢᠴᠡᠯ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠬᠢᠨᠠᠮᠠᠭ᠋ᠠᠢ ᠥᠷᠨᠢᠭᠦᠯᠵᠦ᠂ ᠤᠯᠠᠨ ᠡᠰᠢᠴᠢᠯᠡᠭᠰᠡᠨ ᠰᠢᠢ᠍ᠳᠪᠦᠷᠢᠯᠡᠯᠲᠡ ᠵᠢ ᠴᠢᠩᠭ᠋ᠠᠳᠬᠠᠵᠤ᠂ ᠡᠬᠢ ᠡᠭᠦᠰᠦᠯ᠎ᠠᠴᠠ᠎ᠨᠢ ᠰᠡᠷᠭᠡᠢ᠌ᠯᠡᠬᠦ ᠠᠵᠢᠯ᠎ᠢ ᠴᠢᠩᠭ᠋ᠠᠳᠬᠠᠵᠤ᠂ ᠠᠷᠠᠳ ᠤᠯᠠᠨ᠎ᠤ ᠠᠮᠤᠷ  ᠠᠮᠤᠭᠤᠯᠠᠡᠭ ᠲᠥᠷᠥᠭᠳᠡᠯ᠎ᠢ ᠴᠢᠷᠮᠠᠢ᠌ᠨ ᠳᠡᠭᠡᠭᠰᠢᠯᠡᠭᠦᠯᠬᠦ ᠬᠡᠷᠡᠭᠲᠡᠢ 》 ᠬᠡᠪᠡ᠃ ᠬᠦᠬᠡᠬᠤᠳᠠ ᠵᠢᠨ  ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠴᠠᠭᠳᠠᠭ᠎ᠠ ᠵᠢᠨ ᠰᠠᠯᠪᠤᠷᠢ ᠠᠩᠭᠢ᠎ᠳᠤ ᠪᠠᠢ᠌ᠴᠠᠭ᠋ᠠᠬᠤ᠎ᠳᠤ᠎ᠪᠠᠨ᠄ 《ᠪᠠᠴᠢᠮ ᠪᠠᠢ᠌ᠳᠠᠯ᠎ᠢ ᠠᠷᠭ᠋ᠠᠴᠠᠭ᠋ᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠡᠢ᠌ᠭᠡᠮ᠎ᠤᠨ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠢ᠌ᠯᠡᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠨᠡᠢ᠌ᠭᠡᠮ᠎ᠤᠨ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ》 ᠭᠡᠵᠦ  ᠴᠢᠬᠤᠯᠠᠴᠢᠯᠠᠨ ᠲᠤᠷᠠᠳᠤᠯ᠎ᠠ᠃
    ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ᠂ ᠱ᠌ᠢ ᠭᠤᠸᠠᠩ ᠬᠤᠢ ᠪᠠᠰᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠵᠢᠯ᠎ᠤᠨ ᠮᠡᠳᠡᠭᠦᠯᠦᠯᠲᠡ ᠵᠢ  ᠰᠤᠨᠤᠰᠤᠬᠰᠠᠨ᠎ᠤ ᠲᠠᠷᠠᠭ᠎ᠠ᠄ 《ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ᠂ ᠨᠠᠮ᠎ᠤᠨ ᠤᠳᠤᠷᠢᠳᠤᠯᠭ᠎ᠠ ᠵᠢ ᠤᠯᠠᠮ ᠰᠠᠢ᠌ᠳᠤᠷ ᠪᠠᠷᠢᠮᠲᠠᠯᠠᠵᠤ᠂ ᠬᠠᠤᠯᠢᠵᠢᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ ᠵᠢᠨ᠎ᠬᠢᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠠᠮ᠎ᠢ ᠴᠢᠩᠭ᠎ᠠ ᠬᠠᠮᠢᠶᠠᠷᠤᠨ ᠴᠠᠭᠳᠠᠭ᠎ᠠ ᠵᠢ ᠴᠢᠩᠭ᠎ᠠ ᠵᠠᠰᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ》 ᠭᠡᠵᠦ ᠵᠠᠬᠢᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠪᠠᠢ᠌ᠴᠠᠭ᠋ᠠᠨ ᠰᠤᠳᠤᠯᠤᠯᠳᠠ᠎ᠳᠤ ᠤᠷᠤᠯᠴᠠᠬᠰᠠᠨ ᠪᠠᠢ᠌ᠨ᠎ᠠ᠃ 




 

  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠬᠯᠠᠭ᠋ᠠᠨ ᠦᠨᠳᠤᠷᠯᠡᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠬᠤᠷᠠᠯᠳᠤᠪᠠ
2025 ᠣᠨ᠎ᠳᠤ ᠥᠪᠥᠷ ᠮᠣᠩᠭᠣᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠬᠥᠮᠥᠨᠯᠢᠭ ᠨᠡᠶ᠋ᠢᠲᠡ ᠵᠢᠨ ᠠᠰᠠᠷᠠᠮᠵᠢ ᠵᠢᠨ ᠰᠢᠷᠢᠰ ᠠᠵᠢᠯᠯᠠᠭ᠎ᠠ ᠡᠬᠢᠯᠡᠪᠡ
2024 ᠣᠨ᠎ᠤ ᠣᠷᠣᠨ᠎ᠤ ᠬᠠᠮᠢᠶᠠᠷᠤᠯᠲᠠ ᠵᠢᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠮ᠎ᠤᠨ ᠬᠣᠷᠢᠶ᠎ᠠ ᠵᠢᠨ ᠱᠦᠵᠢ ᠨᠠᠷ᠎ᠤᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠬᠠᠢ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠪᠠ
 
            