ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠬᠯᠠᠭ᠋ᠠᠨ ᠦᠨᠳᠤᠷᠯᠡᠪᠡ
ᠨᠡᠶᠢᠲᠡᠯᠡᠭᠰᠡᠨ ᠴᠠᠭ᠄ 2024-12-02

   ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 11  ᠳ᠋ᠤᠬᠡᠷ ᠰᠠᠷ᠎ᠠ ᠵᠢᠨ 30᠎ᠤ ᠡᠳᠦᠷ᠎ᠤᠨ ᠣᠷᠣᠢ ᠬᠠᠢ᠌ᠨᠠᠨ᠎ᠤ ᠰᠠᠨᠶᠠ᠎ᠳᠤ ᠲᠡᠭᠦᠰ ᠠᠮᠵᠢᠯᠲᠠ᠎ᠲᠠᠢ ᠦᠨᠳᠤᠷᠯᠡᠪᠡ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ 58 ᠱᠠᠩᠨᠠᠯ ᠪᠠ ᠪᠡᠶ᠎ᠡ ᠵᠢᠨ ᠲᠠᠮᠢᠷ᠎ᠤᠨ ᠶᠣᠰᠣ ᠮᠣᠷᠠᠯ ᠬᠡᠪ ᠰᠤᠷᠲᠠᠯ᠎ᠤᠨ ᠱᠠᠩᠨᠠᠯ᠎ᠢ ᠭᠥᠷᠳᠡᠪᠡ᠃
   ᠲᠣᠰ  ᠪᠡᠶ᠎ᠡ ᠵᠢᠨ ᠲᠠᠮᠢᠷ᠎ᠤᠨ ᠴᠤᠭᠯᠠᠭ᠋ᠠᠨ ᠳᠡᠭᠡᠷ᠎ᠡ ᠥᠪᠥᠷ ᠮᠣᠩᠭᠣᠯ 286 ᠬᠥᠮᠥᠨ᠎ᠤ ᠲᠥᠯᠥᠭᠡᠯᠡᠭᠴᠢᠳ᠎ᠤᠨ ᠪᠦᠯᠬᠦᠮ ᠪᠠᠢ᠌ᠭᠤᠯᠵᠤ᠂ ᠰᠢᠨᠵᠢᠶᠠᠩ᠎ᠤᠨ ᠵᠣᠣ ᠰᠤ᠌ ᠵᠢᠨ ᠮᠣᠷᠢᠨ ᠤᠷᠤᠯᠳᠤᠭ᠋ᠠᠨ᠎ᠤ ᠲᠥᠷᠥᠯ ᠵᠦᠢ᠍ᠯ᠎ᠳᠤ ᠲᠡᠪᠡᠭ ᠪᠥᠮᠪᠥᠭᠡ᠂ ᠳᠡᠭᠦᠵᠢᠩ ᠪᠥᠮᠪᠥᠭᠡ᠂ ᠬᠣᠯᠬᠣᠪᠴᠢ ᠨᠤᠮᠤ ᠬᠠᠷᠪᠤᠬᠤ᠂ ᠦᠨᠳᠦᠰᠦᠲᠡᠨ᠎ᠤ ᠵᠡᠪᠰᠡᠭ᠎ᠤᠨ ᠡᠷᠳᠡᠮ᠂ ᠦᠨᠳᠦᠰᠦᠲᠡᠨ᠎ᠤ ᠪᠥᠬᠡ ᠪᠠᠷᠢᠯᠳᠤᠬᠤ᠂ ᠦᠨᠳᠦᠰᠦᠲᠡᠨ᠎ᠤ ᠮᠣᠷᠢᠨ ᠮᠡᠷᠭᠡᠵᠢᠯ ᠪᠠ ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭ᠋ᠠᠨ᠎ᠤ ᠲᠥᠷᠥᠯ ᠵᠦᠢ᠍ᠯ ᠪᠠ ᠪᠤᠶ᠋ᠢᠺᠤ (ᠤᠯᠠᠮᠵᠢᠯᠠᠯᠲᠤ ᠪᠤᠶ᠋ᠢᠺᠤ ᠪᠥᠮᠪᠥᠭᠡ)᠂ ᠲᠡᠮᠡᠭᠡᠨ ᠪᠥᠮᠪᠥᠭᠡ ᠪᠠ ᠮᠣᠷᠢᠨ ᠤᠷᠤᠯᠳᠤᠭ᠋ᠠᠨ᠎ᠤ ᠤᠷ᠎ᠠ ᠮᠡᠷᠭᠡᠵᠢᠯ ᠵᠡᠷᠭᠡ 4 ᠲᠣᠭᠯᠠᠯᠲᠠ ᠵᠢᠨ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠵᠠᠢ᠃
   ᠤᠷᠤᠯᠳᠤᠭ᠋ᠠᠨ᠎ᠤ ᠲᠠᠯᠠᠪᠤᠷ᠎ᠲᠤ ᠥᠪᠥᠷ ᠮᠣᠩᠭᠣᠯ᠎ᠤᠨ ᠲᠠᠮᠢᠷᠴᠢᠳ ᠴᠢᠳᠠᠯ ᠵᠶ᠋ᠡᠷ ᠵᠶ᠋ᠡᠨ ᠴᠢᠷᠮᠠᠢ᠌ᠵᠤ᠂ ᠡᠷᠡᠯᠬᠡᠭᠯᠡᠨ ᠲᠡᠮᠡᠴᠡᠵᠦ 《ᠲᠡᠰᠪᠦᠷᠢ ᠬᠠᠲᠠᠭᠤᠵᠢᠯᠲᠠᠢ ᠲᠡᠮᠡᠴᠡᠵᠦ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ᠎ᠳᠤ᠎ᠪᠠᠨ ᠬᠦᠷᠬᠦ ᠦᠭᠡᠢ ᠪᠣᠯ ᠵᠣᠭᠰᠣᠬᠤ ᠦᠭᠡᠢ》 ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠤᠷᠤᠯᠳᠤᠭ᠋ᠠᠨ᠎ᠤ ᠲᠦᠷᠦᠯ ᠵᠦᠢ᠍ᠯ᠎ᠳᠤ ᠨᠡᠢ᠍ᠢ᠍ᠳᠡ ᠨᠢᠭᠡᠳᠦᠭᠡᠷ ᠱᠠᠩᠨᠠᠯ 6᠂ ᠬᠣᠶᠠᠳᠤᠭ᠋ᠠᠷ ᠱᠠᠩᠨᠠᠯ 23 ᠪᠠ ᠭᠤᠷᠪᠠᠳᠤᠭ᠋ᠠᠷ ᠱᠠᠩᠨᠠᠯ 25  ᠬᠦᠷᠲᠡᠵᠦ᠂ ᠲᠣᠭᠯᠠᠯᠲᠠ ᠵᠢᠨ ᠲᠦᠷᠦᠯ ᠵᠦᠢ᠍ᠯ᠎ᠳᠤ ᠨᠢᠭᠡᠳᠦᠭᠡᠷ ᠱᠠᠩᠨᠠᠯ 2 ᠂ ᠬᠣᠶᠠᠳᠤᠭ᠋ᠠᠷ ᠱᠠᠩᠨᠠᠯ 2᠎ᠢ ᠬᠦᠷᠳᠡᠬᠡᠳ ᠨᠡᠢ᠌ᠳᠡ 58 ᠱᠠᠩᠨᠠᠯ ᠬᠦᠷᠳᠡᠭᠰᠡᠨ᠎ᠤ ᠬᠠᠮᠲᠤ  ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ ᠪᠡᠶ᠎ᠡ ᠵᠢᠨ ᠲᠠᠮᠢᠷ᠎ᠤᠨ ᠶᠣᠰᠣ ᠰᠤᠷᠲᠠᠬᠤᠨ ᠬᠡᠪ ᠰᠤᠷᠲᠠᠯ᠎ᠤᠨ ᠱᠠᠩᠨᠠᠯ ᠬᠦᠷᠳᠡᠯ᠎ᠡ᠃
      ᠮᠠᠨ᠎ᠤ ᠤᠷᠤᠨ᠎ᠤ ᠲᠠᠮᠢᠷᠴᠢᠳ 1953 ᠣᠨ᠎ᠠᠴᠠ  ᠡᠬᠢᠯᠡᠬᠡᠳ 12 ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠴᠦᠮ ᠣᠷᠣᠯᠴᠠᠭᠰᠠᠨ ᠪᠥᠭᠡᠳ ᠬᠣᠶᠠᠳᠤᠭ᠋ᠠᠷ᠂ ᠠᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠳᠠᠭ᠋ᠠᠭ᠋ᠠᠴᠢᠯᠠᠨ ᠡᠷᠭᠢᠯᠡᠪᠡ᠃ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠵᠢ ᠵᠣᠬᠢᠶᠠᠨ ᠪᠠᠶ᠋ᠢᠭᠤᠯᠬᠤ ᠪᠠ ᠳᠠᠭ᠋ᠠᠭ᠋ᠠᠴᠢᠯᠠᠨ ᠡᠷᠬᠢᠯᠡᠬᠦ᠎ᠪᠠᠷ ᠳᠡᠮᠵᠢᠨ ᠥᠪᠥᠷ ᠮᠣᠩᠭᠣᠯ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠠᠵᠢᠯ᠎ᠤᠨ ᠲᠦᠪᠰᠢᠨ ᠵᠶ᠋ᠡᠨ ᠳᠡᠭᠡᠭᠰᠢᠯᠡᠭᠦᠯᠵᠦ᠂ ᠦᠨᠳᠦᠰᠦᠲᠡᠨ᠎ᠤ ᠪᠡᠶ᠎ᠡ ᠲᠠᠮᠢᠷ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠣᠶᠤᠨ᠎ᠤ ᠰᠣᠶᠣᠯ᠎ᠤᠨ ᠲᠤᠯᠭ᠋ᠠᠭᠤᠷᠢᠯᠠᠯ ᠬᠠᠩᠭ᠋ᠠᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠮᠢᠳᠤᠯᠢᠭ ᠦᠢ᠍ᠯᠡᠳᠦᠯᠭᠡ ᠪᠠ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠨᠠᠮ᠎ᠤᠨ ᠠᠴᠢ ᠵᠢ ᠮᠡᠳᠡᠷᠡᠨ᠂ ᠨᠠᠮ᠎ᠤᠨ ᠦᠭᠡ ᠵᠢ ᠰᠤᠨᠤᠰᠴᠤ᠂ ᠨᠠᠮ ᠵᠶ᠋ᠠᠨ ᠲᠠᠭ᠋ᠠᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠪᠦᠬᠦ ᠲᠠᠯ᠎ᠠ᠎ᠪᠠᠷ ᠦᠵᠡᠭᠦᠯᠵᠦ᠂  ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠨ ᠵᠶ᠋ᠡᠨ ᠡᠷᠬᠦᠭᠰᠡᠨ ᠶᠤᠮ᠃
  




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠬᠤᠷᠠᠯᠳᠤᠪᠠ
2025 ᠣᠨ᠎ᠳᠤ ᠥᠪᠥᠷ ᠮᠣᠩᠭᠣᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠬᠥᠮᠥᠨᠯᠢᠭ ᠨᠡᠶ᠋ᠢᠲᠡ ᠵᠢᠨ ᠠᠰᠠᠷᠠᠮᠵᠢ ᠵᠢᠨ ᠰᠢᠷᠢᠰ ᠠᠵᠢᠯᠯᠠᠭ᠎ᠠ ᠡᠬᠢᠯᠡᠪᠡ
2024 ᠣᠨ᠎ᠤ ᠣᠷᠣᠨ᠎ᠤ ᠬᠠᠮᠢᠶᠠᠷᠤᠯᠲᠠ ᠵᠢᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠮ᠎ᠤᠨ ᠬᠣᠷᠢᠶ᠎ᠠ ᠵᠢᠨ ᠱᠦᠵᠢ ᠨᠠᠷ᠎ᠤᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠬᠠᠢ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠪᠠ
ᠮᠠᠨ᠎ᠤ ᠣᠷᠣᠨ ᠡᠳ᠋᠎ᠤᠨ ᠵᠠᠰᠠᠭ᠎ᠤᠨ ᠵᠢᠷᠭᠤᠭ᠋ᠠᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
 
            