ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄ 2024-12-31

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ᠎ᠪᠠᠷ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠬᠢᠯᠡᠭᠴᠢ ᠵᠠᠩ ᠱᠣᠣ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠶᠤᠤ ᠶᠦᠩ ᠪᠥᠸᠧ᠂ ᠲᠠᠢ᠌ᠴᠢᠨ᠂ ᠶᠠᠩ ᠵᠢᠨ᠂ ᠰᠦᠨ ᠵᠢᠶᠦ᠋ᠨ ᠴᠢᠩ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠸᠧᠢ ᠳ᠋ᠦᠩ᠂ ᠯᠥᠸᠧ ᡁᠢ ᠬᠤ᠌᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠲᠣᠰ ᠲᠣᠰ ᠶᠡᠬᠡ ᠳᠡᠭᠡᠳᠦ ᠰᠤᠷᠭ᠋ᠠᠭᠤᠯᠢ᠎ᠳᠤ ᠭᠦᠨᠵᠡᠭᠡᠢ᠌ᠷᠡᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠥᠷᠨᠢᠭᠦᠯᠪᠡ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠨᠠᠷ ᠶᠡᠬᠡ ᠳᠡᠭᠡᠳᠦ ᠰᠤᠷᠭ᠋ᠠᠭᠤᠯᠢ᠎ᠳᠤ ᠬᠦᠷᠬᠦ ᠪᠦᠷᠢ ᠪᠦᠷ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠂ ᠪᠠᠭᠰᠢ ᠰᠤᠷᠤᠭᠴᠢᠳ᠎ᠤᠨ ᠦᠵᠡᠯ ᠰᠠᠨᠠᠭ᠋ᠠᠨ᠎ᠤ ᠬᠥᠳᠡᠯᠦᠯ ᠪᠠᠢ᠌ᠳᠠᠯ ᠪᠣᠯᠣᠨ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠡᠷᠭᠡ ᠪᠠᠢ᠌ᠳᠠᠯ᠎ᠢ ᠨᠠᠷᠢᠨ ᠤᠢ᠌ᠯᠠᠭ᠋ᠠᠪᠠ᠃ ᠲᠡᠳᠡ ᠮᠠᠨ᠎ᠤ ᠣᠷᠣᠨ᠎ᠤ ᠪᠣᠳᠠᠲᠤ ᠪᠠᠢ᠌ᠳᠠᠯ ᠪᠠ ᠶᠡᠬᠡ ᠳᠡᠭᠡᠳᠦ ᠰᠤᠷᠭ᠋ᠠᠭᠤᠯᠢ ᠵᠢᠨ ᠣᠨᠴᠠᠯᠢᠭ᠎ᠲᠠᠢ ᠤᠶᠠᠯᠳᠤᠭᠤᠯᠤᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠵᠢᠭ᠋ᠠᠬᠤ᠂ ᠪᠠᠭᠰᠢ ᠰᠤᠷᠤᠭᠴᠢᠳ᠎ᠤᠨ ᠲᠥᠯᠥᠭᠡᠯᠡᠭᠴᠢᠳ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠬᠤ ᠵᠡᠷᠭᠡ ᠤᠯᠠᠨ ᠬᠡᠯᠪᠡᠷᠢ᠎ᠪᠠᠷ ᠮᠠᠨ᠎ᠤ ᠤᠯᠤᠰ᠎ᠤᠨ ᠰᠦᠷ ᠳᠠᠯᠠᠢ᠌ᠴᠠᠲᠠᠢ ᠥᠭᠡᠷᠡᠴᠢᠯᠡᠯᠲᠡ ᠨᠡᠭᠡᠭᠡᠯᠲᠡ ᠵᠢᠨ ᠲᠡᠦᠬᠡᠨ ᠶᠠᠪᠤᠴᠠ ᠵᠢ ᠰᠡᠳᠬᠢᠯᠬᠡ ᠭᠦᠨ ᠡᠷᠭᠢᠴᠡᠭᠦᠯᠵᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠠᠢ᠌ᠯᠪᠤᠷᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠬᠢᠵᠦ ᠴᠢᠳᠠᠬᠤ᠂ ᠮᠠᠷᠺᠰ᠎ᠤᠨ ᠦᠵᠡᠯ ᠶᠠᠭ᠋ᠠᠬᠢᠭ᠋ᠠᠳ ᠴᠢᠳᠠᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ ᠶᠠᠭ᠋ᠠᠬᠢᠭ᠋ᠠᠳ ᠰᠠᠢ᠌ᠨ ᠪᠠᠢ᠌ᠬᠤ ᠲᠤᠬᠠᠢ ᠭᠦᠨ ᠭᠦᠨᠵᠡᠭᠡᠢ ᠶᠣᠰᠣ ᠤᠴᠢᠷ᠎ᠢ ᠰᠢᠰᠲ᠋ᠧᠮ᠎ᠲᠠᠢ᠎ᠪᠠᠷ ᠲᠠᠢ᠌ᠯᠪᠤᠷᠢᠯᠠᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ᠎ᠬᠢᠨ᠎ᠢ᠄ 《ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠵᠶ᠋ᠡᠨ ᠪᠣᠯᠭ᠋ᠠᠬᠤ ᠵᠢ ᠪᠠᠷᠢᠮᠲᠠᠯᠠᠵᠤ᠂ ᠦᠵᠡᠭᠰᠡᠨ ᠰᠤᠨᠤᠰᠤᠬᠰᠠᠨ ᠵᠶ᠋ᠡᠨ ᠠᠮᠢᠳᠤ ᠰᠣᠷᠭᠣᠭ ᠵᠢᠭ᠋ᠠᠨ ᠰᠤᠷᠭ᠋ᠠᠯᠲᠠ ᠵᠢᠨ ᠵᠢᠱ᠌ᠢᠶ᠎ᠡ ᠪᠤᠯᠭ᠋ᠠᠭ᠋ᠠᠳ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠲᠠᠩᠬᠢᠮ᠎ᠳᠤ ᠠᠭᠤᠰᠬᠠᠵᠤ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠵᠶ᠋ᠠᠷ ᠲᠥᠪ ᠭᠣᠣᠯᠴᠢ᠂ ᠰᠢᠨ᠎ᠡ ᠵᠢ ᠡᠭᠦᠳᠬᠦ᠎ᠪᠠᠷ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠢ᠌ᠭᠤᠯᠤᠯᠲᠠ ᠵᠢ ᠠᠬᠢᠭᠤᠯᠵᠤ ᠨᠠᠮ᠎ᠢ ᠰᠠᠨᠠᠭ᠎ᠠ ᠠᠮᠤᠷ ᠪᠠᠢ᠌ᠯᠭ᠋ᠠᠬᠤ᠂ ᠤᠯᠤᠰ ᠵᠶ᠋ᠠᠨ ᠬᠠᠢ᠌ᠷᠠᠯᠠᠵᠤ ᠬᠤᠪᠢ ᠨᠡᠮᠡᠷᠢ ᠦᠵᠡᠭᠦᠯᠬᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠥᠨ᠎ᠢ ᠬᠦᠮᠤᠵᠢᠬᠦᠯᠬᠦ ᠬᠡᠷᠡᠭᠳᠡᠢ᠃ ᠵᠠᠯᠠᠭᠤ ᠰᠤᠷᠤᠭᠴᠢᠳ ᠡᠷᠳᠡᠮ ᠮᠡᠳᠡᠯᠭᠡ ᠵᠢ ᠦᠨᠡᠨ᠎ᠢ ᠡᠷᠢᠯᠬᠢᠯᠡᠵᠦ᠂ ᠡᠷᠳᠡᠮ ᠴᠢᠳᠠᠪᠤᠷᠢ᠎ᠪᠠᠨ ᠲᠠᠪᠳᠠᠨ ᠪᠣᠯᠪᠠᠰᠤᠷᠠᠭᠤᠯᠵᠤ ᠢᠲᠡᠭᠡᠯ ᠪᠢᠰᠢᠷᠡᠯ ᠢᠲᠡᠭᠡᠯ ᠵᠣᠷᠢᠭ ᠵᠶ᠋ᠠᠨ ᠪᠠᠲᠤᠳᠬᠠᠵᠤ  ᠤᠯᠤᠰ ᠲᠦᠷᠦ ᠵᠢᠨ ᠵᠣᠭᠰᠣᠯᠲᠠ᠎ᠪᠠᠨ ᠤᠬᠠᠮᠰᠠᠷ᠎ᠠᠴᠠ᠎ᠪᠠᠨ ᠪᠠᠲᠤᠳᠬᠠᠬᠤ ᠬᠡᠷᠡᠭᠳᠡᠢ᠃ ᠵᠣᠷᠢᠭ ᠰᠥᠰᠥ᠎ᠪᠠᠨ ᠬᠦᠪᠴᠢᠯᠡᠨ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠢ᠃ ᠶᠡᠬᠡ ᠶᠣᠰᠣ ᠰᠤᠷᠲᠠᠬᠤᠨ ᠨᠡᠶ᠋ᠢᠲᠡ ᠵᠢᠨ ᠶᠣᠰᠣ ᠰᠤᠷᠲᠠᠬᠤᠨ᠎ᠢ ᠬᠠᠳᠠᠭ᠋ᠠᠯᠠᠵᠤ᠂ ᠬᠤᠪᠢᠰᠬᠠᠯ᠎ᠤᠨ ᠤᠳᠤᠮᠰᠢᠯ᠎ᠢ ᠤᠬᠠᠮᠰᠠᠷ᠎ᠠᠴᠠ᠎ᠪᠠᠨ ᠤᠯᠠᠮᠵᠢᠯᠠᠬᠤ ᠬᠡᠷᠡᠭᠳᠡᠢ ᠃ ᠳᠡᠯᠡᠬᠡᠢ ᠵᠢᠨ ᠪᠠᠢ᠌ᠳᠠᠯ ᠤᠯᠤᠰ᠎ᠤᠨ ᠪᠠᠢ᠌ᠳᠠᠯ ᠣᠷᠣᠨ᠎ᠤ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ ᠥᠪᠥᠷ ᠮᠣᠩᠭᠣᠯ᠎ᠤᠨ ᠬᠥᠭᠵᠢᠯᠲᠡ᠎ᠳᠤ  ᠤᠬᠠᠮᠰᠠᠷ᠎ᠠᠴᠠ᠎ᠪᠠᠨ ᠣᠷᠣᠯᠴᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠳᠤᠮᠳᠠ ᠵᠠᠯᠠᠭᠤ ᠨᠠᠰᠤᠨ᠎ᠤ ᠬᠦᠰᠡᠯ ᠵᠡᠭᠦᠳᠦ᠎ᠪᠠᠨ ᠬᠥᠪᠴᠢᠯᠡᠵᠦ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠬᠦᠬᠦ ᠬᠡᠷᠡᠭᠳᠡᠢ》 ᠬᠡᠵᠡᠢ᠃
   ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠭᠣᠣᠯ ᠰᠡᠳᠦᠪ ᠢᠯᠡ ᠲᠣᠳᠣ᠂ ᠪᠣᠳᠠᠲᠠᠢ᠎ᠲᠠᠢ ᠨᠡᠢ᠌ᠴᠡᠵᠦ᠂ ᠠᠭᠤᠯᠭ᠎ᠠ ᠠᠮᠢᠳᠤᠯᠢᠭ ᠪᠠᠶᠠᠯᠢᠭ ᠪᠤᠯᠬᠤᠷ ᠰᠤᠷᠤᠭᠴᠢᠳ ᠬᠢᠨᠠᠮᠠᠭ᠋ᠠᠢ ᠰᠣᠨᠣᠰᠴᠤ᠂ ᠰᠡᠳᠬᠢᠯ ᠵᠢᠷᠦᠬᠡᠨ᠎ᠳᠤ᠎ᠪᠠᠨ ᠬᠠᠳᠠᠩᠰᠢᠭᠤᠯᠵᠤ ᠦᠨᠡᠨ ᠬᠦ᠌ ᠰᠤᠷᠴᠤ  ᠦᠨᠡᠨ ᠬᠦ᠌ ᠣᠢ᠌ᠯᠠᠭ᠋ᠠᠬᠤ᠂ ᠦᠨᠡᠨ ᠬᠦ᠌ ᠢᠲᠡᠭᠡᠵᠦ ᠦᠨᠡᠨ ᠬᠦ᠌ ᠬᠡᠷᠡᠭᠯᠡᠬᠦ ᠵᠢ ᠪᠡᠶᠡᠯᠡᠭᠦᠯᠵᠡᠢ᠃ ᠣᠯᠠᠨ ᠵᠶ᠋ᠠᠷ ᠵᠶ᠋ᠠᠨ᠄ 《ᠰᠢ ᠵᠢᠨ ᠫᠢᠩ ᠶᠡᠷᠦᠩᠬᠡᠢ ᠱᠦᠵᠢ ᠵᠢᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠵᠥᠪ ᠦᠷᠳᠡᠭ᠎ᠤᠨ ᠦᠵᠡᠯᠲᠡ ᠵᠢ ᠪᠤᠢ ᠪᠣᠯᠭ᠋ᠠᠵᠤ ᠠᠮᠢᠳᠤᠷᠠᠯ᠎ᠤᠨ 〈ᠵᠦᠭᠯᠡᠭᠦᠷ〉 ᠵᠶ᠋ᠡᠨ ᠰᠠᠢ᠌ᠲᠤᠷ ᠡᠵᠡᠮᠳᠡᠵᠦ᠂ ᠬᠦᠰᠡᠯᠡᠩ᠎ᠲᠠᠢ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠵᠤ᠂ ᠴᠠᠭ ᠦᠶ᠎ᠡ ᠵᠢᠨ ᠬᠠᠷᠢᠭᠤᠴᠠᠯᠭ᠎ᠠ ᠵᠢ ᠵᠣᠷᠢᠭᠲᠠᠢ᠎ᠪᠠᠷ ᠡᠭᠦᠷᠭᠡᠯᠡᠵᠦ᠂ ᠬᠦᠴᠢᠷ ᠪᠡᠷᠬᠡ ᠵᠢ ᠲᠤᠭᠤᠯᠬᠤ ᠡᠷᠡᠰ ᠬᠠᠲᠠᠭᠤ ᠵᠠᠩ ᠰᠤᠷᠲᠠᠯ᠎ᠢ ᠳᠠᠪᠲᠠᠨ ᠪᠣᠯᠪᠠᠰᠤᠷᠠᠭᠤᠯᠵᠤ ᠡᠷᠡᠯᠬᠡᠭᠯᠡᠨ ᠲᠡᠮᠡᠴᠡᠬᠦ ᠢᠷᠠᠭᠤ ᠠᠯᠳᠠᠷᠲᠤ ᠤᠯᠠᠮᠵᠢᠯᠠᠯ ᠵᠶ᠋ᠠᠨ ᠪᠠᠳᠠᠷᠠᠭᠤᠯᠤᠨ ᠠᠯᠤᠰ ᠬᠡᠳᠤ ᠵᠢᠨ ᠬᠦᠰᠡᠯᠡᠩ᠎ᠢ ᠪᠤᠢ ᠪᠣᠯᠭ᠋ᠠᠵᠤ ᠤᠯᠤᠰ ᠭᠡᠷ ᠵᠶ᠋ᠡᠨ ᠬᠠᠢ᠌ᠷᠠᠯᠠᠬᠤ ᠰᠡᠳᠬᠢᠯᠭᠡ ᠵᠢ ᠵᠤᠵᠠᠭ᠋ᠠᠳᠬᠠᠵᠤ᠂ ᠮᠡᠳᠡᠯᠭᠡ᠎ᠪᠠᠨ ᠨᠡᠮᠡᠭᠳᠡᠭᠦᠯᠦᠨ ᠶᠡᠷᠦᠩᠬᠡᠢ᠌ᠯᠡᠭᠰᠡᠨ ᠬᠡᠪ ᠴᠢᠨᠠᠷ ᠵᠶ᠋ᠠᠨ ᠳᠡᠭᠡᠭᠰᠢᠯᠡᠭᠦᠯᠵᠦ ᠵᠠᠯᠠᠭᠤ ᠨᠠᠰᠤᠨ᠎ᠤ ᠵᠡᠭᠦᠳᠦ᠎ᠪᠠᠨ ᠳᠤᠮᠳᠠᠳᠤ ᠵᠢᠨ ᠵᠡᠭᠦᠳᠦ᠎ᠳᠤ ᠤᠬᠠᠮᠰᠠᠷ᠎ᠠᠴᠠ᠎ᠪᠠᠨ ᠠᠭᠤᠰᠤᠯᠴᠠᠭᠤᠯᠬᠤ ᠬᠡᠷᠡᠭᠲᠡᠢ᠃ ᠴᠠᠭ ᠮᠥᠴᠡ ᠵᠢ ᠨᠠᠨᠳᠢᠩᠨᠠᠵᠤ ᠰᠢᠷᠭ᠋ᠠᠭᠤ ᠬᠠᠲᠠᠭᠤᠵᠢᠯᠲᠠᠢ ᠰᠤᠷᠤᠯᠴᠠᠵᠤ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠵᠢ ᠪᠦᠬᠦ ᠲᠠᠯ᠎ᠠ᠎ᠪᠠᠷ ᠬᠥᠭᠵᠢᠭᠦᠯᠬᠦ ᠵᠢ ᠪᠠᠷᠢᠮᠳᠠᠯᠠᠭ᠋ᠠᠳ ᠬᠦᠰᠡᠯ ᠵᠡᠭᠦᠳᠦ ᠵᠢ ᠡᠪᠦᠷᠯᠡᠬᠦ ᠮᠥᠷᠲᠡᠭᠡᠨ ᠯᠠᠪᠳᠠᠭᠤᠨ ᠪᠠᠲᠤᠲᠠᠢ ᠠᠵᠢᠯᠯᠠᠵᠤ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠵᠦ ᠳᠤᠮᠳᠠᠳᠤ ᠤᠯᠤᠰ᠎ᠤᠨ ᠬᠥᠮᠥᠨ ᠪᠣᠯᠬᠤ ᠰᠥᠰᠥ ᠵᠣᠷᠢᠭ᠂ ᠢᠳᠡ ᠬᠦᠴᠦᠨ ᠵᠶ᠋ᠡᠨ ᠴᠢᠩᠭ᠋ᠠᠳᠬᠠᠵᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠠᠯ ᠬᠠᠯᠠᠭᠤᠨ ᠦᠢ᠍ᠯᠡᠳᠦᠯᠭᠡ᠎ᠳᠤ ᠢᠳᠡᠪᠬᠢᠲᠡᠢ ᠤᠷᠤᠯᠴᠠᠨ᠎ᠠ》 ᠬᠡᠵᠡᠬᠡᠪᠡ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠬᠤᠷᠠᠯᠳᠤᠪᠠ
2025 ᠣᠨ᠎ᠳᠤ ᠥᠪᠥᠷ ᠮᠣᠩᠭᠣᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠬᠥᠮᠥᠨᠯᠢᠭ ᠨᠡᠶ᠋ᠢᠲᠡ ᠵᠢᠨ ᠠᠰᠠᠷᠠᠮᠵᠢ ᠵᠢᠨ ᠰᠢᠷᠢᠰ ᠠᠵᠢᠯᠯᠠᠭ᠎ᠠ ᠡᠬᠢᠯᠡᠪᠡ
2024 ᠣᠨ᠎ᠤ ᠣᠷᠣᠨ᠎ᠤ ᠬᠠᠮᠢᠶᠠᠷᠤᠯᠲᠠ ᠵᠢᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠮ᠎ᠤᠨ ᠬᠣᠷᠢᠶ᠎ᠠ ᠵᠢᠨ ᠱᠦᠵᠢ ᠨᠠᠷ᠎ᠤᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠬᠠᠢ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠪᠠ
ᠮᠠᠨ᠎ᠤ ᠣᠷᠣᠨ ᠡᠳ᠋᠎ᠤᠨ ᠵᠠᠰᠠᠭ᠎ᠤᠨ ᠵᠢᠷᠭᠤᠭ᠋ᠠᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠴᠡᠴᠡᠭ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠬᠦᠭᠵᠢᠬᠦᠯᠤᠯᠳᠡ ᠵᠢ ᠳᠡᠮᠵᠢᠨ ᠠᠬᠢᠭᠤᠯᠬᠤ》 ᠵᠥᠪᠯᠡᠬᠦ ᠰᠡᠳᠦᠪ᠎ᠤᠨ ᠲᠤᠭᠤᠷᠢᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠳᠤ ᠠᠵᠢᠯ ᠪᠠᠢ᠌ᠴᠠᠭ᠋ᠠᠪᠠ
 
            