2 ᠳ᠋ᠤᠭ᠋ᠠᠷ ᠰᠠᠷ᠎ᠠ ᠵᠢᠨ 20 ᠤ ᠡᠳᠦᠷ ᠬᠤᠷᠠᠯᠳᠤᠭᠰᠠᠨ ᠪᠦᠬᠦ ᠣᠷᠣᠨ᠎ᠤ ᠰᠢᠨᠵᠢᠯᠡᠬᠦ ᠮᠡᠷᠭᠡᠵᠢᠯ᠎ᠤᠨ ᠠᠵᠢᠯ᠎ᠤᠨ ᠬᠤᠷᠠᠯ᠎ᠠᠴᠠ ᠣᠢ᠌ᠯᠠᠭ᠋ᠠᠭᠰᠠᠨ ᠵᠢᠡᠷ ᠦᠨᠤ ᠵᠢᠯ ᠮᠠᠨ᠎ᠤ ᠣᠷᠣᠨ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠰᠢᠨᠵᠢᠯᠡᠬᠦ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠴᠢᠷᠮᠠᠢ᠌ᠨ ᠬᠡᠷᠡᠭᠵᠢᠭᠦᠯᠬᠦ ᠵᠡᠷᠭᠡ 7 ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠰᠢᠨᠵᠢᠯᠡᠬᠦ ᠮᠡᠷᠭᠡᠵᠢᠯ᠎ᠤᠨ ᠴᠢᠳᠠᠪᠬᠢᠳᠤ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠬᠦ ᠪᠣᠯᠣᠨ᠎ᠠ᠃
ᠦᠨᠤ ᠵᠢᠯ ᠪᠦᠬᠦ ᠣᠷᠣᠨ᠎ᠤ ᠰᠢᠨᠵᠢᠯᠡᠬᠦ ᠮᠡᠷᠭᠡᠵᠢᠯ᠎ᠤᠨ ᠰᠢᠰᠲᠸᠮ᠎ᠤᠨ᠎ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠤᠢ᠌ᠪᠢᠰᠢ ᠦᠭᠡᠢ ᠨᠠᠢ᠌ᠳᠠᠪᠤᠷᠢᠵᠢᠭᠤᠯᠵᠤ᠂ ᠰᠢᠨᠵᠢᠯᠡᠬᠦ ᠮᠡᠷᠭᠡᠵᠢᠯ᠎ᠤᠨ ᠵᠠᠰᠠᠯᠲᠠ ᠵᠢᠨ ᠰᠢᠰᠲᠸᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠴᠥᠬᠥᠷᠡᠰᠢ ᠦᠭᠡᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃ ᠰᠢᠨᠵᠢᠯᠡᠬᠦ ᠮᠡᠷᠭᠡᠵᠢᠯ᠎ᠤᠨ ᠠᠵᠢᠯ᠎ᠨᠢ ᠰᠢᠨᠵᠢᠯᠡᠬᠦ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠰᠠᠢ᠌ᠲᠤᠷ ᠠᠳᠬᠤᠬᠤ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠵᠢ ᠰᠢᠪᠲᠤᠯᠬᠤ ᠵᠢ ᠴᠢᠩᠭ᠋ᠠᠳᠬᠠᠬᠤ᠂ ᠰᠢᠨ᠎ᠡ ᠵᠢ ᠡᠭᠦᠳᠬᠦ ᠭᠣᠣᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ 《ᠦᠪᠤᠷ ᠮᠤᠡᠭᠭᠤᠯ᠎ᠤᠨ ᠰᠢᠨᠵᠢᠯᠡᠬᠦ ᠤᠬᠠᠭ᠋ᠠᠨ᠎ᠤ ᠴᠤᠭᠯᠠᠷᠠᠯ》᠎ᠤᠨ ᠲᠠᠪᠴᠠᠩ᠎ᠢ ᠪᠠᠶ᠋ᠢᠭᠤᠯᠬᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠨᠡᠮᠡᠭᠳᠡᠯ᠎ᠢ ᠳᠡᠮᠵᠢᠬᠦ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠴᠢᠩᠭ᠋ᠠᠳᠬᠠᠬᠤ ᠵᠡᠷᠭᠡ 7 ᠲᠠᠯ᠎ᠠ᠎ᠪᠠᠷ ᠪᠠᠷᠢᠴᠨ ᠪᠣᠯᠭ᠋ᠠᠵᠤ᠂ ᠶᠡᠷᠦ ᠪᠤᠰᠤ ᠵᠢᠨ ᠠᠷᠭ᠎ᠠ ᠬᠡᠮᠵᠢᠶ᠎ᠡ᠎ᠪᠠᠷ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠠᠬᠢᠭᠤᠯᠵᠤ᠂ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠲᠠᠢ᠌ᠴᠢᠯᠠᠨ ᠳᠠᠭ᠋ᠠᠭᠤᠯᠤᠨ᠎ᠠ᠃
2023 ᠣᠨ᠎ᠳᠤ ᠮᠠᠨ᠎ᠤ ᠣᠷᠣᠨ᠎ᠤ 《ᠰᠢᠨ᠎ᠡ ᠵᠢ ᠡᠬᠦᠳᠬᠦ ᠶᠡᠷᠦᠩᠬᠡᠢ᠌ᠯᠡᠭᠰᠡᠨ ᠨᠦᠬᠡᠴᠨ ᠬᠦᠴᠦᠨ》 ᠪᠥᠬᠥ ᠤᠯᠤᠰ᠎ᠲᠤ 10 ᠳ᠋ᠤᠭ᠋ᠠᠷ᠎ᠲᠤ ᠵᠢᠭᠰᠠᠭ᠋ᠠᠭᠳᠠᠵᠤ᠂ ᠤᠯᠤᠰ᠎ᠤᠨ ᠴᠢᠬᠤᠯᠠ ᠶᠡᠬᠡ ᠰᠢᠨᠵᠢᠯᠡᠬᠦ ᠮᠡᠷᠭᠡᠵᠢᠯ᠎ᠤᠨ ᠡᠭᠦᠷᠭᠡ ᠵᠢ 11 ᠳᠠᠭ᠋ᠠᠭ᠋ᠠᠨ ᠠᠪᠴᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠯ᠎ᠡ ᠵᠦᠢ᠍ᠯ᠎ᠤᠨ ᠲᠤᠰᠬᠠᠢ ᠪᠡᠯᠡ ᠮᠥᠩᠭᠥ ᠵᠢ 4 ᠳ᠋ᠦᠩᠰᠢᠭᠤᠷ ᠲᠥᠭᠥᠷᠢᠭ ᠣᠯᠵᠤ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠮᠡᠷᠭᠡᠵᠢᠯ᠎ᠤᠨ ᠵᠠᠷᠤᠯᠭ᠎ᠠ 81.9%᠎ᠪᠠᠷ ᠨᠡᠮᠡᠭᠳᠡᠵᠦ᠂ 《ᠴᠠᠩᠵᠢᠶᠠᠩ ᠡᠷᠳᠡᠮᠲᠡᠨ》 《ᠤᠯᠤᠰ᠎ᠤᠨ ᠭᠠᠷᠮᠠᠭ᠋ᠠᠢ ᠵᠠᠯᠠᠭᠤ》᠎ᠪᠠᠷ 6 ᠬᠥᠮᠥᠨ ᠰᠢᠨ᠎ᠡ᠎ᠪᠠᠷ ᠰᠤᠡᠭᠭᠤᠬᠳᠠᠨ᠂ 4 ᠬᠥᠮᠥᠨ ᠤᠯᠤᠰ᠎ᠤᠨ ᠴᠢᠳᠠᠪᠤᠷᠢᠲᠠᠨ᠎ᠤ ᠲᠥᠯᠥᠪᠯᠡᠭᠡ᠎ᠳᠤ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ᠎ᠲᠠᠢ ᠪᠤᠯᠤᠬᠰᠠᠨ ᠪᠠᠢ᠌ᠨ᠎ᠠ᠃