ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ 7 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ 2024 ᠣᠨ᠎ᠤ 2 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-02-21

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2 ᠳ᠋ᠤᠭ᠋ᠠᠷ ᠰᠠᠷ᠎ᠠ ᠵᠢᠨ 19᠎ᠤ ᠡᠳᠦᠷ 2024 ᠣᠨ᠎ᠤ 7 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ (ᠥᠷᠭᠡᠳᠬᠡᠭᠰᠡᠨ)᠎ᠤᠨ ᠬᠤᠷᠠᠯ  ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2024 ᠣᠨ᠎ᠤ 2 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ᠃ ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ 2024 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠂ ᠲᠥᠪ᠎ᠤᠨ᠎ᠬᠢᠨ᠎ᠤ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠰᠠᠨ ᠪᠠ ᠥᠪᠡᠷᠲᠡᠭᠡᠨ ᠵᠠᠰᠠᠬᠤ ᠣᠷᠣᠨ᠎ᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ᠎ᠤᠨ ᠵᠣᠷᠢᠭ ᠰᠠᠨᠠᠭ᠎ᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠤᠳᠠᠭ᠎ᠠ ᠵᠢᠨ ᠠᠷᠢᠭᠤᠨ ᠴᠢᠭᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠣᠨ 《ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ 〈ᠮᠢᠩᠭ᠋ᠠᠨ ᠲᠣᠰᠬᠣᠨ ᠵᠶ᠋ᠠᠷ ᠵᠢᠱ᠌ᠢᠶ᠎ᠡ  ᠦᠵᠡᠬᠦᠯᠤᠨ ᠲᠦᠮᠡᠨ ᠲᠣᠰᠬᠣᠨ᠎ᠢ  ᠴᠡᠭᠴᠡᠯᠡᠬᠦ〉 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠬᠡᠳ ᠪᠦᠲᠦᠮᠵᠢᠲᠡᠢ ᠠᠬᠢᠭᠤᠯᠬᠤ ᠲᠤᠬᠠᠢ ᠰᠠᠨᠠᠯ》᠎ᠢ ᠤᠯᠠᠮᠵᠢᠯᠠᠨ ᠰᠤᠷᠤᠯᠴᠠᠪᠠ᠃ 
    ᠬᠤᠷᠠᠯ ᠲᠡᠬᠡᠷ᠎ᠡ᠂ ᠨᠠᠮ᠎ᠤᠨ ᠲᠥᠪ ᠬᠣᠷᠢᠶ᠎ᠠ ᠪᠣᠯᠣᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ 《ᠳᠥᠷᠪᠡ᠎ᠪᠠᠷ ᠰᠤᠷᠤᠯᠴᠠᠬᠤ》 ᠲᠣᠭᠲᠠᠴᠠ ᠵᠢ ᠲᠡᠬᠦᠯᠳᠡᠷᠵᠢᠬᠦᠯᠵᠤ᠂ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ᠃ ᠨᠢᠭᠡ᠎ᠳᠤ᠂ ᠣᠨᠣᠯ ᠵᠶ᠋ᠠᠷ ᠵᠡᠪᠰᠡᠭᠯᠡᠬᠦ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ 《ᠨᠢᠭᠡᠳᠦᠭᠡᠷ ᠵᠥᠪᠯᠡᠬᠦ ᠰᠡᠳᠦᠪ》᠎ᠢ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠵᠤ᠂ ᠭᠣᠣᠯ ᠤᠳᠤᠷᠢᠳᠬᠤ ᠳᠤᠭᠤᠢ᠌ᠯᠠᠩ᠎ᠤᠨ 《ᠨᠢᠭᠡᠳᠦᠭᠡᠷ ᠡᠭᠦᠷᠭᠡ》 ᠵᠢ ᠰᠤᠷᠤᠯᠴᠠᠬᠤ᠂ ᠨᠠᠮ᠎ᠤᠨ ᠡᠭᠦᠷ᠎ᠤᠨ 《ᠨᠢᠭᠡᠳᠦᠭᠡᠷ ᠠᠭᠤᠯᠭ᠎ᠠ》 ᠵᠢ ᠰᠤᠷᠤᠯᠴᠠᠬᠤ ᠵᠢ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠳᠤᠮᠳᠠ᠎ᠠᠴᠠ ᠵᠢᠮ᠎ᠡ ᠶᠣᠰᠣ ᠵᠢ ᠣᠢ᠌ᠯᠠᠭ᠋ᠠᠬᠤ᠂ ᠴᠢᠭᠯᠡᠯ᠎ᠢ ᠲᠣᠳᠣᠷᠬᠠᠢ᠌ᠯᠠᠬᠤ᠂ ᠠᠷᠭ᠎ᠠ ᠵᠢ ᠰᠤᠷᠤᠯᠴᠠᠬᠤ᠂ ᠤᠶᠤᠨ ᠤᠬᠠᠭ᠋ᠠᠨ᠎ᠢ ᠨᠡᠮᠡᠭᠳᠡᠭᠦᠯᠬᠦ ᠵᠢ ᠦᠷᠭᠦᠯᠵᠢᠯᠡᠨ ᠬᠥᠮᠥᠵᠢᠭᠦᠯᠦᠨ ᠵᠢᠯᠤᠭᠣᠳᠴᠤ᠂ ᠲᠡᠭᠦᠨ᠎ᠤ ᠳᠤᠮᠳᠠ ᠲᠤᠭᠤᠰᠢᠯᠠᠭᠳᠠᠵᠤ ᠪᠠᠢ᠌ᠭ᠎ᠠ ᠵᠣᠭᠰᠣᠯᠲᠠ᠂ ᠦᠵᠡᠯᠲᠡ᠂ ᠠᠷᠭ᠎ᠠ ᠵᠢ ᠦᠨᠡᠨ ᠬᠦ᠌ ᠡᠵᠡᠮᠰᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠲᠡᠷᠢᠭᠦᠨ ᠪᠠᠢ᠌ᠷᠢᠨ᠎ᠳᠤ ᠳᠡᠪᠰᠢᠬᠦ᠎ᠪᠠᠷ ᠴᠢᠷᠮᠠᠢ᠌ᠬᠤ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠳᠠ ᠦᠭᠡᠢ ᠪᠠᠳᠤᠳᠬᠠᠬᠤ ᠬᠡᠷᠡᠭᠳᠡᠢ᠃ ᠬᠣᠶᠠᠷ᠎ᠲᠤ᠂ ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠢ ᠦᠷᠭᠦᠯᠵᠢᠯᠡᠨ ᠠᠬᠢᠭᠤᠯᠵᠤ᠂ ᠭᠣᠣᠯ ᠰᠡᠳᠦᠪᠲᠦ ᠬᠥᠮᠦᠵᠢᠯ᠂ ᠲᠣᠭᠣᠷᠢᠨ ᠪᠠᠢ᠌ᠴᠠᠭ᠋ᠠᠯᠲᠠ᠂ ᠬᠢᠨᠠᠨ ᠪᠣᠳᠣᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠢ  ᠴᠡᠭᠴᠡᠯᠡᠬᠦ ᠠᠵᠢᠯ᠎ᠢ ᠰᠠᠢ᠌ᠲᠤᠷ ᠬᠢᠵᠤ᠂ ᠳᠦᠷᠢᠮ ᠲᠣᠭᠲᠠᠭ᠋ᠠᠯ ᠲᠣᠭᠲᠠᠭ᠋ᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠠᠰᠠᠭᠤᠳᠠᠯ᠎ᠢ ᠰᠢᠢ᠍ᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠵᠢ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠰᠡᠳ᠎ᠲᠤ ᠦᠨᠡᠨ ᠬᠦ᠌ ᠮᠡᠳᠡᠷᠡᠭᠦᠯᠵᠦ᠂ ᠦᠢ᠍ᠯᠡᠴᠢᠯᠡᠬᠡ᠎ᠤᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠰᠠᠢ᠌ᠵᠢᠷᠠᠭᠤᠯᠵᠤ᠂ ᠪᠣᠳᠠᠲᠠᠢ ᠵᠢ ᠡᠷᠬᠢᠮᠯᠡᠬᠦ ᠰᠤᠷᠲᠠᠯ᠂ ᠠᠷᠢᠭᠤᠨ ᠴᠢᠭᠴᠢ ᠰᠤᠷᠲᠠᠯ᠂ ᠠᠷᠪᠢᠴᠢ ᠪᠣᠷᠣᠭᠵᠢᠭᠤᠨ ᠰᠤᠷᠲᠠᠯ᠎ᠢ ᠶᠡᠬᠡ᠎ᠪᠠᠷ ᠳᠡᠯᠭᠡᠷᠡᠭᠦᠯᠵᠦ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ 《ᠨᠠᠮ᠎ᠤᠨ ᠠᠴᠢ ᠵᠢ ᠮᠡᠳᠡᠷᠡᠵᠤ᠂ ᠨᠠᠮ᠎ᠤᠨ ᠦᠭᠡ ᠵᠢ  ᠰᠤᠨᠤᠰᠤᠨ᠂ ᠨᠠᠮ ᠵᠶ᠋ᠠᠨ ᠳᠠᠭ᠋ᠠᠬᠤ》 ᠤᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠲᠦᠷᠪᠡᠡ ᠨᠢᠭᠡ》 ᠵᠢᠨ ᠠᠵᠢᠯᠯᠠᠭ᠎ᠠ ᠵᠢ ᠬᠡᠷᠡᠭᠵᠢᠭᠦᠯᠬᠦ᠂ ᠠᠷᠠᠳ᠎ᠤᠨ ᠶᠠᠪᠤᠳᠠᠯ᠎ᠤᠨ 《ᠲᠡᠳᠬᠦᠮᠵᠢ ᠵᠢᠨ ᠨᠠᠷᠢᠨ ᠲᠠᠩᠰᠠ》 ᠵᠡᠷᠭᠡ᠎ᠪᠠᠷ ᠳᠠᠮᠵᠢᠭᠤᠯᠵᠤ᠂ ᠲᠢᠩᠬᠢᠮ᠎ᠤᠨ ᠰᠢᠰᠲᠸᠮ᠎ᠤᠨ ᠨᠠᠮ᠎ᠤᠨ ᠭᠡᠰᠢᠭᠦᠨ ᠺᠠᠳ᠋ᠷ ᠪᠣᠯᠣᠨ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠵᠢ ᠬᠦᠷᠳᠡᠭᠰᠡᠳ᠎ᠲᠤ 《ᠵᠢᠷᠭᠤᠭ᠋ᠠᠨ ᠦᠬᠦᠯᠡᠪᠤᠷᠢ ᠦᠬᠡ ᠵᠢᠨ ᠪᠣᠳᠠᠲᠤ ᠶᠠᠪᠤᠳᠠᠯ ᠪᠣᠯᠣᠨ ᠶᠣᠰᠣ ᠤᠴᠢᠷ》᠎ᠢ ᠨᠡᠡᠭ ᠭᠦᠨᠵᠡᠭᠡᠢ ᠤᠢ᠌ᠯᠠᠭ᠋ᠠᠭᠤᠯᠬᠤ ᠬᠡᠷᠡᠭᠳᠡᠢ᠃ ᠳᠥᠷᠪᠡ᠎ᠳᠤ᠂ ᠦᠨᠳᠦᠰᠦᠨ ᠱᠠᠲᠤᠨ᠎ᠤ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠂ 《ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ ᠵᠢᠨ ᠲᠡᠷᠢᠭᠦᠨ᠎ᠤ ᠨᠢᠬᠡᠴᠢ ᠵᠢ ᠡᠭᠦᠳᠦᠨ ᠪᠠᠶ᠋ᠢᠭᠤᠯᠬᠤ》 ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ ᠬᠥᠮᠦᠵᠢᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ ᠪᠣᠯᠣᠨ 《ᠨᠢᠭᠡ ᠨᠠᠮ᠎ᠤᠨ ᠡᠬᠦᠷ ᠨᠢᠭᠡ ᠲᠦᠷᠦᠯ ᠲᠡᠮᠳᠡᠭ》 ᠭᠡᠬᠦ ᠬᠣᠶᠠᠷ᠎ᠢ ᠡᠭᠦᠳᠦᠨ ᠪᠠᠶ᠋ᠢᠭᠤᠯᠬᠤ ᠠᠵᠢᠯᠯᠠᠭ᠎ᠠ᠎ᠪᠠᠷ ᠳᠠᠮᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠪᠣᠯᠣᠨ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠪᠠ᠃
    ᠬᠤᠷᠠᠯ ᠲᠡᠬᠡᠷ᠎ᠠ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠦᠢ᠍ᠯᠡᠰ ᠪᠦᠲᠦᠭᠡᠬᠦ᠂ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠬᠦᠴᠦ ᠨᠡᠮᠡᠨ ᠲᠦᠷᠭᠡᠳᠬᠡᠬᠦ ᠬᠡᠷᠡᠭᠲᠡᠢ᠃ ᠴᠢᠬᠤᠯᠠ ᠶᠡᠬᠡ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠲᠠᠯ᠎ᠠ᠎ᠪᠠᠷ 2024 ᠣᠨ᠎ᠤ ᠲᠥᠪ᠎ᠤᠨ 1 ᠳ᠋ᠤᠬᠡᠷ ᠲᠣᠭ᠋ᠠᠲᠤ ᠪᠢᠴᠢᠭ ᠮᠠᠲ᠋ᠧᠷᠢᠶᠠᠯ᠎ᠢ ᠰᠠᠢ᠌ᠲᠤᠷ ᠨᠠᠢ᠌ᠳᠠᠪᠤᠷᠢᠵᠢᠭᠤᠯᠵᠤ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠠᠵᠢᠯ᠎ᠢ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠳᠡᠰ ᠬᠤᠪᠢᠶᠠᠨ ᠰᠠᠢ᠌ᠲᠤᠷ ᠬᠢᠬᠦ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠰᠠᠨᠠᠯ》 ᠪᠠ 《ᠠᠷᠭ᠎ᠠ 》 ᠵᠢ ᠨᠠᠢ᠌ᠳᠠᠪᠤᠷᠢᠵᠢᠭᠤᠯᠬᠤ᠎ᠪᠠᠷ ᠪᠠᠷᠢᠴᠨ ᠪᠣᠯᠭ᠋ᠠᠵᠤ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢ ᠬᠢᠨᠠᠨ ᠬᠡᠮᠵᠢᠬᠦ ᠲᠣᠭᠲᠠᠴᠠ ᠵᠢ ᠵᠠᠯᠭ᠋ᠠᠯᠳᠤᠭᠤᠯᠬᠤ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠦᠨᠳᠦᠰᠦᠨ ᠠᠮᠢᠳᠤᠷᠠᠯ᠎ᠤᠨ ᠲᠤᠰᠠᠯᠠᠮᠵᠢ᠂ ᠲᠤᠰᠬᠠᠢ ᠵᠦᠢ᠍ᠯ᠎ᠤᠨ  ᠲᠤᠰᠠᠯᠠᠮᠵᠢ᠂ ᠪᠠᠴᠢᠮᠳᠠᠯ ᠬᠦᠴᠢᠷᠳᠡᠯ᠎ᠲᠠᠢ ᠦᠶ᠎ᠡ᠎ᠳᠤ᠎ᠨᠢ ᠲᠤᠰᠠᠯᠠᠬᠤ ᠳᠦᠷᠢᠮ᠎ᠤᠨ ᠰᠢᠰᠲ᠋ᠧᠮ᠎ᠢ ᠤᠯᠠᠮ ᠨᠢᠭᠲᠠ ᠪᠠᠢ᠌ᠭᠤᠯᠤᠨ ᠪᠡᠬᠢᠵᠢᠭᠦᠯᠵᠦ᠂  ᠶᠡᠬᠡ ᠬᠡᠪᠴᠢᠶ᠎ᠡ᠎ᠪᠠᠷ ᠲᠠᠬᠢᠨ ᠶᠠᠳᠠᠭᠤᠷᠠᠬᠤ ᠦᠭᠡᠢ ᠪᠠᠢ᠌ᠬᠤ ᠬᠢᠵᠠᠭ᠋ᠠᠷ ᠱᠤᠭᠤᠮ᠎ᠢ ᠡᠷᠡᠰ ᠰᠠᠬᠢᠵᠤ ᠰᠠᠢ᠌ᠲᠤᠷ ᠰᠠᠬᠢᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠬᠤ ᠲᠠᠯ᠎ᠠ᠎ᠪᠠᠷ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠠᠬᠢᠴᠠ ᠵᠢ ᠲᠦᠷᠭᠡᠳᠬᠡᠵᠦ᠂ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠴᠠᠭ᠎ᠤᠨ ᠳᠠᠷᠠᠭ᠋ᠠᠯᠠᠯ᠎ᠤᠨ ᠠᠬᠢᠴᠠ ᠵᠢᠨ ᠡᠮᠦᠨ᠎ᠡ ᠲᠠᠯᠪᠢᠬᠤ᠎ᠪᠠᠷ ᠴᠢᠷᠮᠠᠢ᠌ᠵᠤ᠂ ᠠᠷᠠᠳ᠎ᠤᠨ ᠠᠮᠢᠳᠤᠷᠠᠯ᠎ᠤᠨ ᠠᠮᠠᠯᠠᠯᠲᠠ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨᠬᠦ ᠪᠠᠲᠤᠯᠠᠬᠤ ᠵᠢᠨ ᠬᠠᠮᠳᠤ 《ᠪᠣᠳᠠᠲᠠᠢ᠌ᠵᠢᠭᠤᠯᠬᠤ᠂ ᠲᠥᠷᠥᠯ ᠵᠦᠢ᠍ᠯᠵᠢᠬᠦᠯᠬᠦ᠂ ᠨᠠᠷᠢᠨ ᠲᠠᠩᠰᠠᠵᠢᠭᠤᠯᠬᠤ᠂ ᠬᠠᠷᠢᠭᠤᠴᠠᠯᠭ᠋ᠠᠵᠢᠭᠤᠯᠬᠤ》 ᠱᠠᠭ᠋ᠠᠷᠳᠠᠯᠭ᠎ᠠ ᠶᠣᠰᠣᠭ᠋ᠠᠷ ᠭᠣᠣᠯᠳᠠᠯᠭ᠎ᠠ᠎ᠲᠠᠢ ᠠᠵᠢᠯ᠎ᠳᠤ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠡᠭᠦᠷᠭᠡ ᠵᠢᠨ ᠪᠢᠴᠢᠭ᠎ᠢ ᠵᠦᠢ᠍ᠯ ᠳᠠᠷᠠᠭ᠋ᠠᠯᠠᠨ ᠪᠠᠢ᠌ᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠪᠠᠷᠢᠮᠵᠢᠶ᠎ᠠ᠂ ᠴᠠᠭ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠵᠢᠯ᠎ᠢ ᠲᠦᠷᠭᠡᠨ ᠦᠷᠨᠢᠬᠦᠯᠬᠦ ᠪᠠ ᠰᠢᠪᠳᠤᠯᠤᠯᠳᠠ᠎ᠲᠠᠢ ᠪᠠᠢ᠌ᠯᠭ᠋ᠠᠬᠤ ᠬᠡᠷᠡᠭᠲᠡᠢ᠃ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ  ᠨᠢᠬᠡᠴᠢ ᠵᠢᠨ᠎ᠬᠢᠨ ᠬᠠᠷᠢᠭᠤᠴᠠᠯᠭ᠎ᠠ᠎ᠪᠠᠨ ᠡᠭᠦᠷᠭᠡᠯᠡᠵᠦ ᠠᠵᠢᠯ ᠦᠢ᠍ᠯᠡᠰ ᠪᠦᠲᠦᠭᠡᠬᠦ᠂ ᠲᠡᠷᠢᠭᠦᠨ᠎ᠳᠤ ᠲᠡᠪᠰᠢᠬᠤ᠎ᠪᠠᠷ ᠴᠢᠷᠮᠠᠢ᠌ᠬᠤ ᠴᠤᠭ ᠰᠦᠯᠳᠡ ᠵᠢ ᠪᠤᠢ ᠪᠣᠯᠭ᠋ᠠᠵᠤ᠂ ᠰᠡᠳᠬᠢᠯ ᠰᠠᠨᠠᠭ᠎ᠠ᠎ᠪᠠᠨ ᠨᠢᠭᠡᠳᠬᠡᠨ ᠬᠦᠴᠦᠨ ᠵᠶ᠋ᠡᠨ ᠲᠥᠪᠯᠡᠷᠡᠭᠦᠯᠵᠦ ᠪᠠᠢ᠌ᠭ᠋ᠠᠳ ᠪᠠᠢ᠌ᠷᠢᠯᠠᠭᠤᠯᠤᠯᠲᠠ᠂ ᠠᠬᠢᠭᠤᠯᠤᠯᠳᠠ᠂ ᠨᠠᠢ᠌ᠳᠠᠪᠤᠷᠢᠵᠢᠭᠤᠯᠤᠯᠳᠠ ᠵᠢ ᠠᠳᠬᠤᠵᠤ᠂ ᠡᠯ᠎ᠡ ᠵᠦᠢ᠍ᠯ᠎ᠤᠨ ᠠᠵᠢᠯ᠎ᠤᠨ ᠭᠠᠷᠤᠭ᠎ᠠ ᠵᠢ ᠰᠠᠢ᠌ᠨ  ᠡᠬᠢᠯᠡᠬᠦᠯᠬᠦ᠎ᠪᠠᠷ ᠴᠢᠷᠮᠠᠢ᠌ᠵᠤ᠂ ᠪᠦᠬᠦ ᠵᠢᠯ᠎ᠤᠨ ᠡᠭᠦᠷᠭᠡ ᠬᠠᠷᠠᠯᠲᠠ᠎ᠪᠠᠨ ᠥᠨᠳᠥᠷ ᠪᠠᠷᠢᠮᠵᠢᠶ᠎ᠠ᠎ᠪᠠᠷ ᠴᠢᠨᠠᠷᠵᠢᠭᠤᠨ ᠪᠡᠶᠡᠯᠡᠭᠦᠯᠬᠦ᠎ᠳᠤ ᠰᠠᠭᠤᠷᠢ ᠵᠢ ᠰᠠᠢ᠌ᠲᠤᠷ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
   ᠬᠤᠷᠠᠯ ᠲᠡᠬᠡᠷ᠎ᠡ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠣᠯᠣᠨ ᠨᠠᠮ᠎ᠤᠨ ᠰᠤᠷᠲᠠᠯ᠎ᠤᠨ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠢᠰᠲ᠋ᠧᠮ᠎ᠲᠠᠢ ᠰᠤᠷᠤᠯᠴᠠᠨ ᠣᠢ᠌ᠯᠠᠭ᠋ᠠᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢᠯᠡ ᠠᠵᠢᠯᠯᠠᠭ᠎ᠠ ᠵᠢᠨ ᠤᠬᠠᠮᠰᠠᠷ ᠵᠶ᠋ᠠᠷ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠢ ᠪᠣᠳᠠᠲᠠᠢ ᠪᠥᠭᠡᠳ ᠭᠦᠨᠵᠡᠭᠡᠢ ᠠᠳᠬᠤᠬᠤ ᠬᠡᠷᠡᠭᠲᠡᠢ᠃ ᠨᠢᠭᠡ᠎ᠳᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ  ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠮ᠎ᠤᠨ ᠡᠭᠦᠷ᠎ᠤᠨ ᠱᠦᠵᠢ ᠪᠦᠬᠦ ᠲᠠᠯ᠎ᠠ ᠎ᠪᠠᠷ ᠨᠠᠮ᠎ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠵᠦ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ 《ᠶᠢᠰᠦᠨ》 ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠮ᠎ᠤᠨ ᠰᠤᠷᠲᠠᠯ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠢ ᠬᠠᠮᠳᠤ᠎ᠪᠠᠷ ᠲᠥᠯᠥᠪᠵᠢᠭᠦᠯᠵᠦ᠂  ᠬᠠᠮᠳᠤ᠎ᠪᠠᠷ ᠪᠠᠢ᠌ᠷᠢᠯᠠᠭᠤᠯᠵᠤ᠂  ᠬᠠᠮᠳᠤ᠎ᠪᠠᠷ ᠠᠬᠢᠭᠤᠯᠬᠤ ᠵᠢ ᠪᠠᠷᠢᠮᠲᠠᠯᠠᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠣᠯᠣᠨ ᠪᠠᠷᠢᠮᠲᠠᠯᠠᠯ ᠵᠶ᠋ᠠᠷ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠡᠯ᠎ᠡ ᠹᠷᠣᠨᠲ᠂ ᠡᠯ᠎ᠡ ᠭᠣᠭᠴᠣᠭ᠎ᠠ ᠵᠢᠨ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠠᠵᠢᠯ᠎ᠢ ᠪᠣᠳᠠᠲᠠᠢ ᠪᠦᠬᠡᠳ ᠭᠦᠨᠵᠡᠭᠡᠢ ᠠᠳᠬᠤᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢ᠌ᠷᠡᠨ ᠬᠥᠭᠵᠢᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠣᠶᠠᠷ᠎ᠲᠤ᠂ ᠡᠷᠬᠡ ᠵᠢᠨ ᠠᠵᠢᠯᠯᠠᠭ᠋ᠠᠨ᠎ᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ᠎ᠤ ᠠᠷᠢᠭᠤᠨ ᠴᠢᠭᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠦᠷᠢᠨᠰᠢᠭᠦᠯᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠡᠯ᠎ᠡ ᠵᠦᠢ᠍ᠯ᠎ᠤᠨ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠳᠦᠷᠢᠮ ᠵᠶ᠋ᠡᠷ ᠡᠷᠬᠡ ᠵᠢ ᠬᠠᠮᠢᠶᠠᠷᠬᠤ᠂ ᠬᠡᠷᠡᠭ ᠤᠴᠢᠷ᠎ᠢ ᠬᠠᠮᠢᠶᠠᠷᠬᠤ᠂ ᠬᠥᠮᠥᠨ᠎ᠢ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠴᠢᠷᠮᠠᠢ᠌ᠨ ᠪᠦᠷᠢᠯᠳᠦᠭᠦᠯᠬᠦ ᠬᠡᠷᠡᠭᠲᠡᠢ᠃ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ᠂ ᠡᠬᠢ ᠡᠭᠦᠰᠦᠯ᠎ᠠᠴᠠ᠎ᠨᠢ ᠵᠠᠰᠠᠬᠤ ᠠᠵᠢᠯ᠎ᠢ ᠠᠬᠢᠭᠤᠯᠤᠨ᠂ ᠠᠵᠢᠯ᠎ᠤᠨ ᠳᠤᠲᠠᠭᠤᠳᠠᠯ᠎ᠢ ᠨᠥᠬᠥᠪᠦᠷᠢᠯᠡᠵᠦ᠂ ᠨᠡᠩ ᠥᠨᠳᠥᠷ ᠪᠠᠷᠢᠮᠵᠢᠶ᠎ᠠ ᠨᠡᠩ ᠴᠢᠩᠭ᠎ᠠ ᠱᠠᠭ᠋ᠠᠷᠳᠠᠯᠭ᠎ᠠ᠎ᠪᠠᠷ ᠠᠵᠢᠯ ᠵᠶ᠋ᠠᠨ ᠰᠠᠢ᠌ᠵᠢᠷᠠᠭᠤᠯᠤᠨ ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠶ᠋᠊ ᠴᠢᠷᠮᠠᠢ᠌ᠨ ᠠᠬᠢᠭᠤᠯᠬᠤ ᠬᠡᠷᠡᠭᠲᠡᠢ᠃ ᠭᠤᠷᠪᠠ᠎ᠳᠤ᠂ ᠰᠠᠬᠢᠯᠭ᠎ᠠ ᠪᠠᠲᠤ ᠵᠢᠨ ᠬᠥᠮᠦᠵᠢᠯ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠢᠮᠠᠭᠲᠠ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠢ ᠰᠤᠷᠤᠯᠴᠠᠨ  ᠲᠤᠭᠤᠰᠢᠯᠠᠭᠤᠯᠬᠤ᠎ᠪᠠᠷ ᠲᠣᠬᠢᠶᠠᠯ ᠪᠣᠯᠭ᠋ᠠᠵᠤ᠂ ᠨᠠᠮ᠎ᠤᠨ ᠳᠦᠷᠢᠮ ᠲᠣᠭᠲᠠᠭ᠋ᠠᠯ᠂ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠬᠢᠨᠠᠮᠠᠭ᠋ᠠᠢ ᠥᠷᠨᠢᠭᠦᠯᠵᠦ᠂ ᠲᠤᠰᠬᠠᠢ ᠮᠡᠷᠭᠡᠵᠢᠯᠲᠡᠨ ᠵᠶ᠋ᠡᠷ ᠬᠢᠴᠢᠶᠡᠯ ᠤᠷᠤᠭᠤᠯᠬᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠬᠦ᠂ ᠰᠦᠯᠵᠢᠶᠡᠨ ᠲᠡᠬᠡᠷ᠎ᠡ 《ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠬᠢᠴᠢᠶᠡᠯ᠎ᠤᠨ ᠲᠠᠩᠬᠢᠮ》᠎ᠢ  ᠨᠡᠬᠡᠬᠡᠬᠦ᠎ᠪᠠᠷ ᠳᠠᠮᠵᠢᠭᠤᠯᠤᠨ᠂ ᠰᠠᠬᠢᠯᠭ᠎ᠠ ᠪᠠᠲᠤ ᠵᠢᠨ ᠬᠥᠮᠦᠵᠢᠯ᠎ᠢ ᠪᠠᠢ᠌ᠩᠭᠤᠵᠢᠭᠤᠯᠬᠤ ᠵᠢ ᠠᠬᠢᠭᠤᠯᠵᠤ᠂ ᠰᠠᠬᠢᠯᠭ᠎ᠠ ᠪᠠᠲᠤ ᠶᠣᠰᠣ ᠳᠦᠷᠢᠮ᠎ᠢ ᠦᠨᠡᠨ ᠬᠦ᠌ ᠲᠣᠭᠲᠠᠭ᠋ᠠᠵᠤ᠂ ᠠᠳᠬᠤᠵᠤ᠂ ᠴᠢᠩᠳᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠤᠬᠠᠮᠰᠠᠷ᠎ᠠᠴᠠ᠎ᠪᠠᠨ ᠵᠢᠷᠤᠮᠯᠠᠬᠤ ᠪᠣᠯᠭ᠋ᠠᠨ ᠬᠤᠪᠢᠷᠠᠭᠤᠯᠬᠤ ᠬᠡᠷᠡᠭᠳᠡᠢ ᠭᠡᠵᠤ ᠱᠠᠭ᠋ᠠᠷᠳᠠᠯ᠎ᠠ᠃
     ᠬᠤᠷᠠᠯ ᠲᠡᠬᠡᠷ᠎ᠡ᠂ ᠠᠶᠠᠨ᠎ᠤ ᠭᠠᠷᠤᠭ᠎ᠠ᠎ᠪᠠᠨ ᠵᠢᠯ᠎ᠤᠨ ᠡᠬᠢᠨ᠎ᠳᠤ ᠡᠬᠢᠯᠡᠬᠦᠯᠵᠤ᠂ ᠡᠬᠢᠯᠡᠡᠭᠭᠦᠳᠡ ᠬᠤᠷᠳᠤᠯᠠᠬᠤ ᠤᠬᠠᠮᠰᠠᠷ᠎ᠢ ᠪᠤᠢ  ᠪᠤᠯᠭ᠋ᠠᠵᠤ᠂ ᠣᠨ᠎ᠤ ᠳᠡᠰ ᠳᠡᠪᠰᠢᠬᠦ ᠬᠠᠷᠠᠯᠲᠠ ᠪᠣᠯᠣᠨ ᠭᠣᠣᠯᠳᠠᠯᠭ᠎ᠠ ᠎ᠲᠠᠢ ᠠᠵᠢᠯ᠎ᠤᠨ ᠪᠠᠢ᠌ᠷᠢᠯᠠᠭᠤᠯᠤᠯᠲᠠ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ 《ᠪᠠᠷᠢᠮᠵᠢᠶ᠎ᠠ ᠵᠢ ᠳᠡᠭᠡᠭᠰᠢᠯᠡᠭᠦᠯᠵᠦ ᠬᠤᠷᠳᠤᠴᠠ ᠵᠢ ᠲᠦᠷᠬᠡᠳᠬᠡᠨ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠤᠮᠤᠭ ᠲᠡᠬᠦᠯᠳᠡᠷ ᠲᠦᠷᠰᠤ ᠪᠠᠢ᠌ᠳᠠᠯ᠂ 《ᠴᠢᠩᠭ᠎ᠠ ᠨᠢᠮᠪᠠᠢ ᠪᠣᠳᠠᠲᠠᠢ ᠲᠦᠷᠭᠡᠨ ᠠᠵᠢᠯᠯᠠᠬᠤ》ᠠᠵᠢᠯ᠎ᠤᠨ ᠰᠤᠷᠲᠠᠯ ᠵᠶ᠋ᠠᠷ ᠡᠷᠲᠡ᠎ᠠᠴᠠ ᠠᠳᠬᠤᠵᠤ᠂ ᠴᠢᠩᠭ᠎ᠠ ᠠᠳᠬᠤᠨ ᠰᠢᠭᠤᠷᠬᠠᠢ ᠠᠵᠢᠯᠯᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠦᠬᠦ ᠲᠠᠯ᠎ᠠ᠎ᠪᠠᠷ ᠡᠭᠦᠳᠴᠦ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠡᠩ ᠰᠠᠢ᠌ᠲᠤᠷ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠦᠢ᠍ᠯᠡᠳᠦᠯ᠎ᠢ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠬᠦᠴᠦᠨ ᠴᠢᠳᠠᠯ᠎ᠢ ᠨᠡᠮᠡᠷᠢᠯᠡᠬᠦ ᠬᠡᠷᠡᠭᠳᠡᠢ ᠭᠡᠵᠤ ᠴᠢᠬᠤᠯᠠᠴᠢᠯᠠᠬᠰᠠᠨ ᠪᠠᠢ᠌ᠨ᠎ᠠ᠃
    ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠭᠣᠣᠯ ᠬᠠᠷᠢᠭᠤᠴᠠᠯᠭ᠋ᠠᠳᠠᠳ ᠰᠤᠷᠤᠯᠴᠠᠯᠭ᠎ᠠ᠎ᠳᠤ ᠣᠷᠣᠯᠴᠠᠪᠠ᠃
 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ᠎ᠬᠢᠨ ᠮᠠᠨ᠎ᠤ ᠤᠷᠤᠨ᠎ᠤ ᠴᠢᠨᠠᠷ ᠰᠠᠶ᠋ᠢᠲᠠᠶ ᠬᠥᠭᠵᠢᠯᠲᠡ ᠵᠢ 20 ᠠᠷᠭ᠎ᠠ᠎ᠪᠠᠷ ᠳᠡᠮᠵᠢᠪᠡ
ᠮᠠᠨ᠎ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠤᠬᠡᠨ ᠪᠠᠢ᠌ᠭᠤᠯᠤᠯᠲᠠ ᠪᠠ ᠲᠠᠷᠢᠶᠠᠯᠠᠩ᠎ᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠠᠵᠢᠯ᠎ᠢ ᠠᠬᠢᠭᠤᠯᠬᠤ ᠲᠤᠬᠠᠢ ᠵᠢᠨ ᠲᠠᠯᠠᠪᠠᠢ ᠵᠢᠨ ᠬᠤᠷᠠᠯ᠎ᠢ ᠬᠤᠷᠠᠯᠳᠤᠭᠤᠯᠵᠤ᠂ ᠲᠠᠢ᠌ᠴᠢᠨ ᠶᠠᠷᠢᠶ᠎ᠠ ᠲᠠᠯᠪᠢᠵᠠᠢ
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠸᠢᠳᠢᠤ᠋ ᠬᠤᠷᠠᠯ ᠬᠤᠷᠠᠯᠳᠤᠵᠤ᠂ ᠵᠸᠡᠭ ᠭᠤᠸᠠᠡᠭ ᠵᠤᠤ ᠶᠠᠷᠢᠶ᠎ᠠ ᠲᠠᠯᠪᠢᠪᠠ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
 
            