ᠪᠥᠬᠥ ᠣᠷᠣᠨᠤ ᠥᠨᠳᠥᠷ ᠪᠠᠷᠢᠮᠵᠢᠶᠠᠲᠤ ᠲᠠᠷᠢᠶᠠᠨ ᠭᠠᠵᠠᠷᠤᠨ ᠪᠦᠲᠦᠭᠡᠨ ᠪᠠᠢ᠌ᠭᠤᠯᠤᠯᠲᠠ ᠪᠠ ᠲᠠᠷᠢᠶᠠᠯᠠᠩᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠠᠵᠢᠯᠢ ᠠᠬᠢᠭᠤᠯᠬᠤ ᠲᠤᠬᠠᠢ ᠵᠢᠨ ᠲᠠᠯᠠᠪᠠᠶ ᠵᠢᠨ ᠬᠤᠷᠠᠯ 3 ᠳ᠋ᠤᠭ᠋ᠠᠷ ᠰᠠᠷ᠎ᠠ ᠵᠢᠨ 16ᠤ ᠡᠳᠦᠷ᠂ᠲᠦᠩᠯᠢᠶᠣᠣ ᠬᠣᠲᠠᠳᠤ ᠬᠤᠷᠠᠯᠳᠤᠪᠠ᠃
ᠦᠪᠤᠷ ᠮᠤᠡᠭᠭᠤᠯᠤᠨ ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭᠴᠢ ᠲᠠᠢ᠌ᠴᠢᠨ ᠬᠤᠷᠠᠯᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ ᠲᠡᠬᠡᠷ᠎ᠡ ᠡᠯ᠎ᠡ ᠱᠠᠲᠤᠨᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷᠤᠨᠬᠢᠨ ᠤᠯᠤᠰ ᠲᠦᠷᠦ ᠵᠢᠨ ᠵᠣᠭᠰᠣᠴᠠᠪᠠᠨ ᠳᠡᠭᠡᠭᠰᠢᠯᠡᠭᠦᠯᠵᠦ᠂ ᠠᠵᠢᠯᠤᠨ ᠬᠠᠷᠢᠭᠤᠴᠠᠯᠭ᠎ᠠᠪᠠᠨ ᠪᠠᠲᠤᠳᠬᠠᠵᠤ᠂ ᠵᠠᠩᠭᠢᠯᠠᠭ᠎ᠠ ᠵᠢᠨ ᠴᠡᠭ ᠶᠣᠰᠣᠭ᠋ᠠᠷ ᠠᠵᠢᠯᠤᠨ ᠬᠤᠭᠤᠴᠠᠭ᠎ᠠ ᠵᠢ ᠲᠣᠩᠭᠣᠷᠠᠭᠤᠯᠤᠨ ᠪᠠᠢ᠌ᠷᠢᠯᠠᠭᠤᠯᠵᠤ᠂ ᠲᠦᠷᠭᠡᠨ ᠠᠵᠢᠯᠯᠠᠵᠤ᠂ ᠪᠦᠲᠦᠭᠡᠨ ᠪᠠᠶ᠋ᠢᠭᠤᠯᠬᠤ ᠬᠠᠮᠢᠶᠠᠷᠬᠤ ᠲᠡᠭᠡᠭᠡᠪᠦᠷᠢᠯᠡᠬᠦ ᠵᠢ ᠨᠢᠭᠡ ᠴᠣᠭᠴᠠᠵᠢᠭᠤᠯᠬᠤ ᠪᠠ ᠠᠵᠢᠯ ᠣᠯᠭᠣᠬᠤᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠵᠠᠭᠪᠤᠷᠢ ᠶᠡᠬᠡᠪᠠᠷ ᠲᠡᠯᠬᠡᠷᠡᠬᠦᠯᠤᠨ᠂ ᠭᠠᠵᠠᠷ ᠰᠢᠷᠣᠢ ᠵᠢ ᠥᠨᠳᠥᠷ ᠪᠦᠲᠦᠮᠵᠢᠲᠡᠢ ᠠᠰᠢᠭᠯᠠᠬᠤ ᠠᠵᠢᠯᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷᠢ ᠪᠦᠬᠦ ᠲᠠᠯᠠᠪᠠᠷ ᠳᠡᠭᠡᠭᠰᠢᠯᠡᠭᠦᠯᠬᠦ ᠬᠡᠷᠡᠭᠲᠡᠢ᠃ ᠤᠰᠤᠨᠤ ᠡᠬᠢ ᠪᠠᠶᠠᠯᠢᠭᠢ ᠠᠷᠪᠢᠯᠠᠨ ᠠᠰᠢᠭᠯᠠᠬᠤ ᠵᠢ ᠰᠠᠢ᠌ᠲᠤᠷ ᠠᠳᠬᠤᠵᠤ᠂ ᠤᠰᠤᠨᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠤᠭᠰᠠᠨ ᠠᠰᠠᠭᠤᠳᠠᠯᠢ ᠶᠡᠷᠦᠩᠬᠡᠢ᠌ᠯᠡᠨ ᠵᠠᠰᠠᠬᠤ ᠠᠵᠢᠯᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠬᠠᠮᠢᠶ᠎ᠠ ᠪᠦᠬᠦᠢ ᠭᠣᠣᠯᠳᠠᠯᠭᠠᠲᠠᠢ ᠠᠵᠢᠯᠢ ᠰᠤᠳᠤᠯᠤᠨ ᠰᠦᠪᠡᠭᠴᠢᠯᠡᠵᠦ᠂ ᠣᠨᠤ ᠡᠭᠦᠷᠭᠡᠪᠠᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃