ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠸᠢᠳᠢᠤ᠋ ᠬᠤᠷᠠᠯ ᠬᠤᠷᠠᠯᠳᠤᠵᠤ᠂ ᠵᠸᠡᠭ ᠭᠤᠸᠠᠡᠭ ᠵᠤᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄ 2024-03-20

    ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠸᠢᠳᠢᠤ᠋ ᠬᠤᠷᠠᠯ ᠤᠷᠴᠢᠮ᠎ᠳᠤ ᠬᠤᠷᠠᠯᠳᠤᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠪᠣᠯᠣᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠂ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠭᠤᠸᠠᠩ ᠶᠠᠷᠢᠶ᠎ᠠ ᠲᠠᠯᠪᠢᠪᠠ᠃
     ᠬᠤᠷᠠᠯ ᠲᠡᠬᠡᠷ᠎ᠡ ᠪᠦᠬᠦ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠠᠮ᠎ᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ᠎ᠬᠢ ᠬᠠᠷᠢᠴᠠᠯᠠᠰᠢᠭᠦᠢ ᠤᠳᠤᠷᠢᠳᠤᠯᠭ᠎ᠠ ᠵᠢᠨ ᠳᠦᠷᠢᠮ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠲᠦᠷᠪᠡᠨ ᠡᠷᠡᠰ》᠎ᠢ ᠰᠠᠢ᠌ᠲᠤᠷ ᠠᠳᠬᠤᠵᠤ᠂ 《ᠲᠦᠷᠪᠡᠨ ᠬᠡᠯᠪᠡᠷᠢ》᠎ᠢ ᠰᠠᠢ᠌ᠲᠤᠷ ᠬᠡᠷᠡᠭᠯᠡᠵᠦ᠂ ᠰᠤᠷᠲᠠᠯ᠎ᠤᠨ ᠠᠷᠬᠠᠭ᠎ᠢ ᠴᠡᠭᠴᠡᠯᠡᠨ᠂ ᠰᠢᠯᠢᠳᠡᠭ ᠴᠠᠭᠳᠠᠭ᠎ᠠ ᠵᠢᠨ ᠰᠤᠷᠲᠠᠯ᠎ᠢ ᠪᠠᠳᠠᠷᠠᠭᠤᠯᠵᠤ᠂ 《〈ᠲᠦᠷᠪᠡᠨ〉 ᠭᠠᠡᠭ ᠲᠡᠮᠤᠷ ᠮᠡᠳᠤ》 ᠳᠣᠲᠣᠭ᠋ᠠᠳᠤ ᠵᠢ  ᠬᠠᠮᠠᠭ᠋ᠠᠯᠠᠬ᠍ᠴᠢ ᠵᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
ᠮᠠᠨ᠎ᠤ ᠤᠷᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠡᠷᠡᠭᠦᠯ ᠬᠦᠭᠵᠢᠯᠳᠡ ᠵᠢ ᠢᠳᠡᠪᠬᠢᠲᠡᠢ ᠠᠬᠢᠭᠤᠯᠵᠤ ᠨᠡᠶ᠋ᠢᠲᠡ ᠵᠢᠨ ᠠᠰᠠᠷᠠᠮᠵᠢ ᠵᠢᠨ ᠬᠦᠴᠦᠨ ᠪᠤᠯᠤᠨ ᠨᠡᠢ᠌ᠭᠡᠮ᠎ᠤᠨ ᠲᠤᠰᠠᠯᠠᠮᠵᠢ ᠵᠢᠨ ᠠᠷᠭ᠎ᠠ ᠵᠠᠮ᠎ᠢ 17 ᠠᠷᠭ᠎ᠠ ᠎ᠪᠠᠷ ᠰᠢᠯᠤᠭᠤᠳᠬᠠᠵᠤ ᠪᠠᠢ᠌ᠨ᠎ᠠ
ᠮᠠᠨ᠎ᠤ ᠤᠷᠤᠨ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠶᠠᠮᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠲᠠᠢ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠪᠤᠨ ᠲᠠᠯ᠎ᠠ᠎ᠪᠠᠷ ᠲᠡᠮᠵᠢᠬᠦ ᠪᠤᠯᠤᠨ᠎ᠠ
 
            