ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄ 2024-03-21

    ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ ᠵᠢᠨ᠎ᠬᠢᠨ᠎ᠠᠴᠠ ᠣᠢ᠌ᠯᠠᠭ᠋ᠠᠭᠰᠠᠨ ᠵᠶ᠋ᠡᠷ ᠮᠠᠨ᠎ᠤ ᠣᠷᠣᠨ 2023 ᠣᠨ᠎ᠳᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠨᠡᠢ᠌ᠳᠡᠮ ᠪᠠᠢ᠌ᠴᠠᠭ᠋ᠠᠵᠤ ᠬᠣᠷᠢᠶᠠᠨ ᠴᠤᠭᠯᠠᠭᠤᠯᠬᠤ ᠲᠥᠷᠥᠯ ᠵᠦᠢ᠍ᠯ᠎ᠢ  ᠡᠬᠢᠯᠡᠬᠦᠯᠦᠭᠰᠡᠨ᠎ᠠᠴᠠ ᠨᠠᠭ᠋ᠠᠰᠢ ᠬᠥᠯᠥᠨ ᠪᠣᠶ᠋ᠢᠷ ᠬᠣᠲᠠ᠂ ᠬᠢᠩᠭ᠋ᠠᠨ ᠠᠢ᠌ᠮᠠᠭ᠂ ᠲᠦᠩᠯᠢᠶᠣᠣ ᠬᠣᠲᠠ᠂ ᠰᠢᠯᠢ ᠵᠢᠨ ᠭᠣᠣᠯ ᠠᠢ᠌ᠮᠠᠭ ᠵᠡᠷᠭᠡ 4 ᠠᠢ᠌ᠮᠠᠭ ᠬᠣᠲᠠ᠎ᠳᠤ ᠬᠡᠬᠡᠷ᠎ᠠ ᠭᠠᠳᠠᠭ᠋ᠠᠬᠢ ᠨᠡᠢ᠌ᠳᠡᠮ ᠪᠠᠢ᠌ᠴᠠᠭ᠋ᠠᠯᠲᠠ ᠪᠠ ᠡᠬᠢ ᠪᠠᠶᠠᠯᠢᠭ᠎ᠢ ᠬᠣᠷᠢᠶᠠᠨ ᠴᠤᠭᠯᠠᠭᠤᠯᠬᠤ ᠡᠭᠦᠷᠭᠡ ᠵᠢ ᠪᠡᠶᠡᠯᠡᠬᠦᠯᠬᠦ᠎ᠳᠤ᠎ᠪᠠᠨ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ 950 ᠬᠤᠪᠢ ᠴᠤᠭᠯᠠᠭᠤᠯᠬᠤ ᠵᠢᠨ ᠬᠠᠮᠲᠤ ᠬᠢᠨᠠᠨ ᠦᠨᠡᠯᠡᠬᠦ ᠪᠠ ᠳᠠᠩᠰᠠᠯᠠᠵᠤ ᠬᠥᠮᠥᠷᠭᠡ᠎ᠳᠤ ᠣᠷᠣᠭᠤᠯᠬᠤ ᠠᠵᠢᠯ᠎ᠢ ᠠᠯᠬᠤᠮ ᠠᠯᠬᠤᠮ ᠵᠶ᠋ᠠᠷ ᠥᠷᠨᠢᠭᠦᠯᠪᠡ᠃
     ᠲᠣᠰ ᠨᠡᠢ᠌ᠳᠡᠮ ᠪᠠᠢ᠌ᠴᠠᠭ᠋ᠠᠯᠲᠠ᠎ᠳᠤ ᠥᠪᠥᠷ ᠮᠣᠩᠭᠣᠯ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠲᠠᠷᠬᠠᠯᠲᠠ ᠵᠢᠨ ᠪᠠᠢ᠌ᠳᠠᠯ᠂ ᠬᠦᠶ ᠵᠢᠨ ᠲᠥᠷᠥᠯ ᠬᠡᠯᠪᠡᠷᠢ᠂ ᠥᠰᠦᠯᠲᠡ ᠵᠢᠨ ᠣᠷᠴᠢᠨ ᠲᠣᠭᠣᠷᠢᠨ᠂ ᠥᠰᠦᠯᠲᠡ ᠵᠢᠨ ᠪᠠᠢ᠌ᠳᠠᠯ᠂ ᠬᠠᠳᠠᠭ᠋ᠠᠯᠠᠯᠲᠠ ᠵᠢᠨ ᠪᠠᠢ᠌ᠳᠠᠯ᠂ ᠣᠷᠴᠢᠨ ᠲᠣᠭᠣᠷᠢᠨ᠎ᠤ ᠨᠥᠯᠥᠭᠡᠯᠡᠯ ᠵᠡᠷᠭᠡ ᠲᠠᠯ᠎ᠠ᠎ᠪᠠᠷ᠎ᠬᠢ ᠪᠥᠬᠥ ᠲᠠᠯ᠎ᠠ ᠵᠢᠨ ᠪᠠᠢ᠌ᠴᠠᠭ᠋ᠠᠯᠲᠠ ᠪᠣᠯᠣᠨ᠎ᠠ᠂ ᠡᠨᠡ᠎ᠨᠢ ᠬᠡᠭᠡᠷ᠎ᠡ ᠵᠢᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠠᠮᠤᠷ ᠲᠦᠪᠰᠢᠨ ᠵᠶ᠋ᠡᠷ ᠬᠠᠳᠠᠭ᠋ᠠᠯᠠᠬᠤ ᠪᠠ ᠵᠦᠢ ᠵᠣᠬᠢᠰᠲᠠᠢ ᠠᠰᠢᠭᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃  ᠡᠨᠡ ᠬᠦ᠌ ᠠᠵᠢᠯ᠎ᠨᠢ ᠰᠦ ᠵᠢᠨ ᠦᠢ᠍ᠯᠡᠰ᠎ᠢ ᠬᠦᠭᠵᠢᠬᠦᠯᠬᠦ ᠪᠠ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠂ ᠪᠡᠯᠭᠡ ᠲᠡᠮᠳᠡᠭᠴᠢ ᠴᠢᠨᠠᠷᠲᠠᠢ ᠭᠤᠷᠪᠠᠨ ᠶᠡᠬᠡ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃



    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠴᠢᠬᠤᠯᠠ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠠᠵᠢᠯ ᠱᠠᠳᠤᠴᠢ ᠦᠷ᠎ᠡ ᠪᠦᠲᠦᠭᠡᠯ ᠣᠯᠪᠠ
ᠮᠠᠨ᠎ᠤ ᠤᠷᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠡᠷᠡᠭᠦᠯ ᠬᠦᠭᠵᠢᠯᠳᠡ ᠵᠢ ᠢᠳᠡᠪᠬᠢᠲᠡᠢ ᠠᠬᠢᠭᠤᠯᠵᠤ ᠨᠡᠶ᠋ᠢᠲᠡ ᠵᠢᠨ ᠠᠰᠠᠷᠠᠮᠵᠢ ᠵᠢᠨ ᠬᠦᠴᠦᠨ ᠪᠤᠯᠤᠨ ᠨᠡᠢ᠌ᠭᠡᠮ᠎ᠤᠨ ᠲᠤᠰᠠᠯᠠᠮᠵᠢ ᠵᠢᠨ ᠠᠷᠭ᠎ᠠ ᠵᠠᠮ᠎ᠢ 17 ᠠᠷᠭ᠎ᠠ ᠎ᠪᠠᠷ ᠰᠢᠯᠤᠭᠤᠳᠬᠠᠵᠤ ᠪᠠᠢ᠌ᠨ᠎ᠠ
ᠮᠠᠨ᠎ᠤ ᠤᠷᠤᠨ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ ᠪᠠᠢ᠌ᠨ᠎ᠠ
ᠠᠮᠢ ᠠᠬᠤᠢ ᠣᠷᠴᠢᠨ ᠲᠣᠭᠣᠷᠢᠨ᠎ᠤ ᠶᠠᠮᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠲᠠᠢ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠪᠤᠨ ᠲᠠᠯ᠎ᠠ᠎ᠪᠠᠷ ᠲᠡᠮᠵᠢᠬᠦ ᠪᠤᠯᠤᠨ᠎ᠠ
ᠮᠠᠨ᠎ᠤ ᠤᠷᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ
 
            