ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠢ ᠠᠬᠤᠢ ᠣᠷᠴᠢᠨ ᠲᠣᠭᠣᠷᠢᠨ᠎ᠤ ᠶᠠᠮᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠲᠠᠢ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠪᠤᠨ ᠲᠠᠯ᠎ᠠ᠎ᠪᠠᠷ ᠲᠡᠮᠵᠢᠬᠦ ᠪᠤᠯᠤᠨ᠎ᠠ
ᠨᠡᠶᠢᠲᠡᠯᠡᠭᠰᠡᠨ ᠴᠠᠭ᠄ 2024-01-10

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ᠎ᠠᠴᠠ 1 ᠳ᠋ᠤᠬᠡᠷ ᠰᠠᠷ᠎ᠠ ᠵᠢᠨ 10᠎ᠤ ᠡᠳᠦᠷ ᠣᠢ᠌ᠯᠠᠭ᠋ᠠᠭᠰᠠᠨ ᠵᠶ᠋ᠡᠷ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (《ᠰᠠᠨᠠᠯ》 ᠭᠡᠵᠦ ᠲᠤᠪᠴᠢᠯᠠᠶ᠎ᠠ)᠎ᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ᠎ᠬᠢᠨ ᠤᠷᠴᠢᠮ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠯᠤᠭ᠎ᠠ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠬᠠᠮᠲᠤᠷᠠᠯᠴᠠᠭ᠋ᠠᠨ᠎ᠤ ᠪᠣᠷᠣ ᠲᠥᠯᠥᠪ᠎ᠤᠨ ᠵᠥᠪᠯᠡᠯᠴᠡᠭᠡᠷ᠎ᠤᠨ ᠨᠥᠬᠥᠪᠦᠷᠢ ᠵᠦᠢ᠍ᠯᠡᠰ᠎ᠤᠨ ᠰᠠᠨᠠᠭᠤᠯᠤᠮᠵᠢ》 (《ᠰᠠᠨᠠᠭᠤᠯᠤᠮᠵᠢ》 ᠭᠡᠵᠦ ᠲᠦᠬᠦᠮᠴᠢᠯᠡᠶ᠎ᠡ)᠎ᠳᠤ ᠭᠠᠷ᠎ᠤᠨ ᠥᠰᠥᠭ ᠵᠢᠷᠤᠪᠠ᠃ ᠠᠮᠢ ᠠᠬᠤᠢ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ᠂ ᠲᠥᠷᠥᠯ ᠵᠦᠢ᠍ᠯ᠂ ᠮᠡᠷᠭᠡᠵᠢᠯ ᠵᠡᠷᠭᠡ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠪᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠪᠤᠨ ᠲᠠᠯ᠎ᠠ᠎ᠪᠠᠷ ᠲᠡᠮᠵᠢᠬᠦ ᠪᠤᠯᠤᠨ᠎ᠠ᠃
    2021 ᠣᠨ᠎ᠳᠤ ᠠᠮᠢ ᠠᠬᠤᠢ ᠵᠢᠨ ᠣᠷᠴᠢᠨ ᠲᠤᠭᠤᠷᠢᠨ᠎ᠤ ᠶᠠᠮᠤᠨ᠎ᠤ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠯᠤᠭ᠎ᠠ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠠᠮᠲᠤᠷᠠᠯᠴᠠᠭ᠋ᠠᠨ᠎ᠤ ᠪᠣᠷᠣ ᠲᠥᠯᠥᠪ᠎ᠤᠨ ᠵᠥᠪᠯᠡᠯᠴᠡᠭᠡᠷ》 ᠲᠡᠬᠡᠷ᠎ᠡ ᠭᠠᠷ᠎ᠤᠨ ᠥᠰᠥᠭ ᠵᠢᠷᠤᠬᠰᠠᠨ ᠪᠠᠢ᠌ᠨ᠎ᠠ᠃ ᠲᠤᠰ ᠤᠳᠠᠭ᠎ᠠ  ᠲᠠᠬᠢᠨᠳᠠ ᠭᠠᠷ᠎ᠤᠨ ᠦᠰᠦᠭ ᠵᠢᠷᠤᠭᠰᠠᠨ᠎ᠨᠢ 《ᠰᠠᠨᠠᠭᠤᠯᠤᠮᠵᠢ》 ᠵᠢᠨ ᠰᠠᠭᠤᠷᠢᠨ ᠳᠡᠭᠡᠷ᠎ᠡ ᠬᠠᠮᠲᠤᠷᠠᠯᠴᠠᠭ᠋ᠠᠨ᠎ᠤ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ 《ᠴᠦᠯᠯᠡᠷᠬᠡᠭᠵᠢᠯ᠎ᠢ ᠶᠡᠷᠦᠩᠬᠡᠢ᠌ᠯᠡᠨ ᠵᠠᠰᠠᠬᠤ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠬᠤ》 《ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠬᠦ》 《ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠬᠰᠢᠯᠠᠭᠤᠯᠬᠤ ᠡᠷᠭᠢᠯᠲᠡᠲᠦ ᠬᠥᠭᠵᠢᠯᠲᠡ ᠵᠢ ᠠᠬᠢᠭᠤᠯᠬᠤ》 《〈ᠬᠣᠶᠠᠷ ᠰᠠᠭᠤᠷᠢᠨ〉᠎ᠤ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ》 ᠪᠠ 《ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ》 ᠲᠠᠪᠤᠨ ᠲᠠᠯ᠎ᠠ᠎ᠪᠠᠷ ᠥᠪᠥᠷ ᠮᠣᠩᠭᠣᠯ᠎ᠤᠨ ᠠᠵᠢᠯ᠎ᠳᠤ ᠦᠵᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠪᠠ᠃
   ᠰᠢᠨ᠎ᠡ᠎ᠪᠠᠷ ᠨᠡᠮᠡᠭᠰᠡᠨ ᠬᠠᠮᠲᠤᠷᠠᠯᠴᠠᠭ᠋ᠠᠨ᠎ᠤ ᠵᠦᠢ᠍ᠯᠡᠰ᠎ᠢ ᠣᠳᠣᠬᠠᠨ᠎ᠤ ᠮᠠᠨ᠎ᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠴᠢᠩᠭ᠋ᠠᠳᠬᠠᠬᠤ ᠪᠠ ᠰᠠᠢ᠌ᠵᠢᠷᠠᠭᠤᠯᠬᠤ ᠴᠢᠬᠤᠯᠠᠲᠠᠢ ᠪᠠᠢ᠌ᠭ᠎ᠠ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠲᠠᠢ ᠨᠢᠭᠲᠠ ᠤᠶᠠᠯᠳᠤᠭᠤᠯᠤᠨ ᠵᠢᠷᠤᠵᠤ ᠲᠥᠯᠥᠪᠯᠡᠵᠦ᠂ ᠰᠢ ᠵᠢᠨ ᠫᠢᠩ ᠶᠡᠷᠦᠩᠬᠡᠢ ᠱᠦᠵᠢ ᠵᠢᠨ 2023 ᠣᠨ᠎ᠳᠤ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ 《ᠰᠠᠨᠠᠯ》 ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠭᠦᠢ᠍ᠴᠡᠳ ᠢᠯᠡᠷᠡᠭᠦᠯᠵᠦ᠂ ᠬᠠᠨᠳᠤᠯᠭ᠋ᠠᠳᠤ ᠴᠢᠨᠠᠷ ᠴᠢᠩᠭ᠎ᠠ ᠪᠦᠬᠡᠳ ᠦᠨ᠎ᠡ ᠴᠡᠨ᠎ᠡ᠎ᠲᠠᠢ ᠶᠤᠮ᠃ ᠢᠯᠠᠩᠭᠤᠶ᠎ᠠ ᠮᠠᠨ᠎ᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢ ᠦᠷᠭᠦᠯᠵᠢᠯᠡᠨ ᠳᠡᠮᠵᠢᠬᠦ ᠵᠢᠨ ᠬᠠᠮᠲᠤ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨ᠋ᠸᠷᠬᠢ ᠪᠣᠯᠣᠨ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠳᠡᠮᠵᠢᠬᠦ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠮᠢ ᠠᠬᠤᠢ ᠵᠢᠨ ᠣᠷᠴᠢᠨ ᠲᠣᠭᠣᠷᠢᠨ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠤᠯᠠᠮ ᠨᠢᠭᠡ ᠠᠯᠬᠤᠮ ᠠᠯᠢ ᠤᠯᠠᠨ ᠪᠣᠳᠠᠲᠠᠢ ᠵᠢ ᠡᠷᠬᠢᠮᠯᠡᠭᠰᠡᠨ ᠲᠤᠰᠠᠲᠠᠢ ᠠᠷᠭ᠎ᠠ ᠵᠢ ᠲᠤᠷᠠᠳᠤᠬᠰᠠᠨ᠎ᠨᠢ ᠮᠠᠨ᠎ᠤ ᠣᠷᠣᠨ᠎ᠤ᠎ᠬᠢᠨ᠎ᠤ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠡᠩ ᠰᠠᠢ᠌ᠲᠤᠷ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ ᠢᠨᠵᠧᠨᠧᠷ ᠸᠧᠢ ᠾᠧ ᠵᠠᠩ ᠄ 《  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠲᠠᠷᠠᠭ᠋ᠠᠴᠢ᠎ᠪᠠᠷ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠯᠤᠭ᠎ᠠ ᠵᠢᠨ ᠠᠵᠢᠯ᠎ᠤᠨ ᠵᠣᠯᠭ᠋ᠠᠯᠴᠠᠭ᠎ᠠ ᠵᠢ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ 《ᠰᠠᠨᠠᠭᠤᠯᠤᠮᠵᠢ》᠎ᠳᠤ ᠲᠣᠭᠲᠠᠭ᠋ᠠᠭᠰᠠᠨ ᠬᠠᠮᠲᠤᠷᠠᠯᠴᠠᠭ᠋ᠠᠨ᠎ᠤ ᠵᠦᠢ᠍ᠯᠡᠰ᠎ᠢ ᠵᠦᠢ᠍ᠯ ᠳᠠᠷᠠᠭ᠋ᠠᠯᠠᠨ ᠨᠠᠢ᠌ᠳᠠᠪᠤᠷᠢᠵᠢᠭᠤᠯᠬᠤ ᠵᠢ ᠴᠢᠷᠮᠠᠢ᠌ᠨ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠨᠡᠩ ᠤᠯᠠᠨ ᠪᠠᠲᠤᠯᠠᠭ᠎ᠠ ᠬᠠᠩᠭ᠋ᠠᠵᠤ᠂ ᠨᠡᠩ ᠤᠯᠠᠨ ᠬᠥᠳᠡᠯᠭᠡᠬᠦ ᠬᠦᠴᠦᠨ ᠨᠡᠮᠡᠷᠢᠯᠡᠬᠦ᠎ᠪᠠᠷ ᠴᠢᠷᠮᠠᠢ᠌ᠨ᠎ᠠ》 ᠭᠡᠵᠦ ᠬᠡᠯᠡᠪᠡ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠦᠶᠡᠷ᠎ᠢ ᠰᠡᠷᠭᠡᠶ᠋ᠢᠯᠡᠵᠦ ᠭᠠᠩ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ᠎ᠤᠨ ᠲᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠬᠣᠶᠠᠳᠤᠭ᠋ᠠᠷ ᠬᠤᠷᠠᠯ ᠬᠤᠷᠠᠯᠳᠤᠵᠤ᠂ ᠴᠢ ᠪᠠᠳᠤ ᠶᠠᠷᠢᠶ᠎ᠠ ᠲᠠᠯᠪᠢᠪᠠ
ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠬᠣᠶᠠᠳᠤᠭ᠋ᠠᠷ ᠬᠤᠭᠤᠴᠠᠭ᠋ᠠᠨ᠎ᠤ ᠬᠠᠡᠭᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠦᠵᠡᠰᠬᠦᠯᠡᠩ᠎ᠤᠨ ᠥᠪᠥᠷ ᠮᠣᠩᠭᠣᠯ᠎ᠤᠨ ᠲᠠᠨᠢᠯᠴᠠᠭᠤᠯᠭ᠎ᠠ ᠵᠢᠨ ᠬᠤᠷᠠᠯ ᠪᠡ ᠭᠠᠷ᠎ᠤᠨ ᠥᠰᠥᠭ ᠵᠢᠷᠤᠬᠤ ᠶᠣᠰᠣᠯᠠᠯ ᠬᠦᠬᠡᠬᠤᠳᠠ᠎ᠳᠤ ᠶᠠᠪᠤᠭᠳᠠᠪᠠ
ᠮᠠᠨ᠎ᠤ ᠣᠷᠣᠨ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠎ᠤᠨ ᠠᠬᠠᠮᠠᠳ ᠨᠠᠮ᠎ᠤᠨ ᠭᠡᠰᠢᠭᠦᠨ᠎ᠳᠤ ᠳᠤᠷᠠᠰᠬᠠᠯ᠎ᠤᠨ ᠲᠡᠮᠳᠡᠭ ᠭᠠᠷᠳᠠᠭᠤᠯᠵᠠᠢ
 
            