ᠪᠥᠬᠥ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ 1 ᠳ᠋ᠤᠬᠡᠷ ᠰᠠᠷ᠎ᠠ ᠵᠢᠨ 17᠎ᠤ ᠡᠳᠦᠷ ᠬᠥᠬᠡᠬᠣᠲᠠ᠎ᠳᠤ ᠬᠤᠷᠠᠯᠳᠤᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠯ᠎ᠠ᠃
ᠬᠤᠸᠠᠩ ᡁᠢ ᠴᠢᠶᠠᠩ᠄ 《ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠣᠯ ᠠᠵᠤ ᠠᠬᠤᠢ ᠵᠢᠨ ᠠᠵᠢᠯᠯᠠᠭ᠋ᠠᠨ᠎ᠢ ᠲᠣᠭᠲᠠᠪᠤᠷᠢᠵᠢᠭᠤᠯᠬᠤ ᠰᠠᠭᠤᠷᠢ ᠴᠢᠯᠠᠭᠤ᠂ ᠮᠥᠨ ᠴᠦ᠍ ᠴᠢᠨᠠᠷ ᠰᠠᠢ᠌ᠲᠠᠢ ᠬᠥᠭᠵᠢᠯᠲᠡ ᠵᠢᠨ ᠨᠢᠷᠤᠭᠤ ᠲᠤᠯᠭ᠋ᠠᠭᠤᠷᠢ ᠵᠢ ᠲᠤᠯᠭ᠋ᠠᠭᠤᠷᠢᠯᠠᠬᠤ ᠵᠢᠨ ᠬᠠᠲᠠᠭᠤ ᠲᠤᠯᠭ᠋ᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠣᠳᠣᠬᠠᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠰᠠᠢ᠌ᠨ ᠪᠠᠢ᠌ᠳᠠᠯ᠎ᠢ ᠰᠠᠢ᠌ᠲᠤᠷ ᠦᠷᠭᠦᠯᠵᠢᠯᠡᠭᠦᠯᠵᠦ᠂ 〈 ᠰᠠᠢ᠌ᠬᠠᠨ ᠡᠬᠢᠯᠡᠬᠦᠯᠵᠤ〉 〈ᠪᠦᠬᠦ ᠵᠢᠯ ᠵᠶ᠋ᠡᠷ ᠵᠶ᠋ᠡᠨ ᠰᠠᠢ᠌ᠬᠠᠨ ᠬᠢᠬᠦ〉 ᠬᠠᠷᠠᠯᠲᠠ ᠡᠭᠦᠷᠭᠡ ᠵᠢ ᠲᠣᠭᠲᠠᠭ᠋ᠠᠵᠤ᠂ ᠪᠠᠷᠢᠯᠭ᠎ᠠ ᠵᠢᠨ ᠶᠠᠰᠤ ᠴᠢᠨᠠᠷ ᠪᠣᠯᠣᠨ ᠪᠠᠷᠢᠯᠭ᠎ᠠ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠴᠢᠩᠭ᠎ᠠ ᠠᠳᠬᠤᠨ᠂ ᠲᠦᠷᠭᠡᠨ ᠠᠵᠢᠯᠯᠠᠬᠤ ᠡᠷᠴᠢ ᠵᠣᠷᠢᠭ᠎ᠢ ᠢᠮᠠᠭᠲᠠ ᠪᠠᠷᠢᠮᠲᠠᠯᠠᠵᠤ᠂ ᠬᠤᠷᠳᠤᠴᠠᠳᠤ ᠲᠦᠰᠢᠭᠯᠡᠨ ᠠᠬᠢᠴᠠ ᠵᠢ ᠠᠮᠵᠢᠵᠤ᠂ ᠦᠷ᠎ᠡ ᠪᠦᠳᠤᠮᠵᠢ᠎ᠪᠠᠷ ᠦᠷ᠎ᠡ ᠠᠰᠢᠭ᠎ᠢ ᠪᠠᠲᠤᠯᠠᠵᠤ᠂ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ᠎ᠢ ᠡᠷᠲᠡᠬᠡᠨ ᠡᠬᠢᠯᠡᠭᠦᠯᠬᠦ᠂ ᠦᠷᠭᠦᠯᠵᠢᠯᠡᠨ ᠪᠠᠶ᠋ᠢᠭᠤᠯᠬᠤ ᠲᠦᠷᠦᠯ ᠵᠦᠢ᠍ᠯ᠎ᠤᠨ ᠪᠠᠷᠢᠯᠭ᠎ᠠ᠎ᠪᠠᠨ ᠲᠦᠷᠭᠡᠨ ᠳᠠᠭᠤᠰᠬᠠᠵᠤ ᠠᠰᠢᠭᠯᠠᠯᠲᠠ᠎ᠳᠤ ᠣᠷᠣᠭᠤᠯᠬᠤ ᠵᠢ ᠴᠢᠷᠮᠠᠢ᠌ᠨ ᠠᠬᠢᠭᠤᠯᠬᠤ ᠬᠡᠷᠡᠭᠳᠡᠢ》 ᠬᠡᠵᠡᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠪᠣᠯᠣᠨ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠢᠨ᠎ᠬᠢᠨ ᠰᠣᠯᠢᠯᠴᠠᠭ᠋ᠠᠨ᠎ᠤ ᠶᠠᠷᠢᠶ᠎ᠠ ᠲᠠᠯᠪᠢᠪᠠ᠃