ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠦᠬᠦ ᠣᠷᠣᠨ᠎ᠤ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-07-10

   ᠪᠥᠬᠥ ᠣᠷᠣᠨ᠎ᠤ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠤᠨ ᠬᠤᠷᠠᠯ 7 ᠳ᠋ᠤᠭ᠋ᠠᠷ ᠰᠠᠷ᠎ᠠ ᠵᠢᠨ 9᠎ᠤ ᠡᠳᠦᠷ ᠬᠤᠷᠠᠯᠳᠤᠵᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
   ᠬᠤᠸᠠᠩ ᡁᠢ ᠴᠢᠶᠠᠩ᠄ 《ᠮᠠᠨ᠎ᠤ ᠣᠷᠣᠨ᠎ᠤ ᠠᠭᠤᠷᠬᠠᠢ ᠵᠢᠨ ᠲᠣᠭ᠎ᠠ ᠬᠡᠮᠵᠢᠶ᠎ᠡ ᠤᠯᠠᠨ᠂ ᠭᠠᠷᠤᠯᠲᠠ ᠵᠢᠨ ᠬᠡᠮᠵᠢᠶ᠎ᠡ ᠶᠡᠬᠡ᠂ ᠭᠠᠮᠰᠢᠭ ᠬᠦᠨᠳᠦ᠂ ᠵᠠᠰᠠᠬᠤ᠎ᠳᠤ ᠬᠦᠴᠢᠷᠲᠡᠢ᠂  ᠠᠶᠤᠯ ᠦᠬᠡᠢ ᠦᠢ᠍ᠯᠡᠳᠪᠦᠷᠢᠯᠡᠯ᠎ᠤᠨ ᠡᠨᠳᠡᠯ ᠤᠯᠠᠨ ᠭᠠᠷᠴᠤ᠂ ᠠᠮᠤᠷ ᠲᠦᠪᠰᠢᠨ᠎ᠤ ᠪᠠᠢ᠌ᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭ᠋ᠠᠲᠤ ᠰᠡᠳᠬᠢᠯᠭᠡ᠂ ᠰᠠᠭᠤᠵᠤ ᠲᠣᠭᠲᠠᠬᠤ ᠦᠭᠡᠢ ᠪᠠᠴᠢᠮ ᠲᠤᠯᠭ᠋ᠠᠮ ᠰᠡᠳᠬᠢᠯᠭᠡ᠂ ᠠᠯᠭᠤᠷᠯᠠᠵᠤ ᠪᠣᠯᠣᠰᠢ ᠦᠭᠡᠢ ᠲᠦᠭᠰᠢᠭᠦᠷᠢᠲᠦ ᠰᠡᠳᠬᠢᠯᠭᠡ᠎ᠪᠠᠷ 《ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 ᠪᠣᠯᠣᠨ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠨᠠᠢ᠍ᠮᠠᠨ ᠵᠤᠷᠪᠤᠰ ᠬᠠᠲᠠᠭᠤ ᠠᠷᠭ᠎ᠠ  ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢ᠌ᠲᠤᠷ ᠠᠳᠬᠤᠵᠤ᠂ ᠭᠣᠣᠯ ᠬᠦᠭ ᠠᠶᠠᠰ᠎ᠢ ᠦᠷᠭᠦᠯᠵᠢᠯᠡᠨ ᠴᠢᠩᠭ᠎ᠠ ᠪᠠᠢ᠌ᠯᠭ᠋ᠠᠵᠤ᠂  ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠳᠤ ᠵᠥᠪᠰᠢᠶᠡᠷᠡᠨ ᠣᠷᠣᠭᠤᠯᠬᠤ ᠶᠠᠪᠤᠴᠨ ᠵᠢ ᠴᠢᠩᠳᠠᠯᠠᠵᠤ᠂  ᠠᠮᠤᠷ ᠲᠦᠪᠰᠢᠨ᠎ᠤ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠠᠵᠢᠯ᠎ᠢ ᠴᠢᠩᠭ᠋ᠠᠳᠬᠠᠨ᠂ ᠠᠭᠤᠷᠬᠠᠢ ᠵᠢᠨ ᠲᠣᠪᠣᠢ᠌ᠮ᠎ᠠ ᠠᠰᠠᠭᠤᠳᠠᠯ ᠎ᠤᠨ ᠲᠠᠯᠳᠠ ᠭᠡᠮ ᠰᠤᠭᠤᠭ᠎ᠢ ᠴᠢᠩᠭ᠎ᠠ ᠠᠩᠬᠠᠷᠴᠤ᠂ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠪᠣᠯᠣᠨ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠤᠨ᠂ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠯᠠᠪᠳᠠᠭᠤᠨ ᠡᠵᠡᠮᠳᠡᠬᠦ ᠬᠡᠷᠡᠭᠳᠡᠢ》 ᠭᠡᠵᠤ ᠱᠠᠭ᠋ᠠᠷᠳᠠᠪᠠ᠃
   ᠬᠤᠷᠠᠯ ᠲᠡᠬᠡᠷ᠎ᠡ ᠪᠠᠰᠠ ᠠᠶᠤᠯᠲᠠᠢ ᠬᠢᠮᠢ ᠵᠢᠨ ᠪᠣᠳᠠᠰ᠂ ᠭᠠᠯ᠎ᠤᠨ ᠠᠶᠤᠯ᠎ᠢ ᠰᠡᠷᠬᠡᠢ᠌ᠯᠡᠬᠦ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ᠎ᠢ ᠰᠡᠷᠭᠡᠢ᠌ᠯᠡᠵᠦ ᠭᠠᠯ ᠤᠨᠲᠠᠷᠠᠭ᠋ᠠᠬᠤ ᠵᠡᠷᠭᠡ ᠠᠮᠤᠷ ᠲᠦᠪᠰᠢᠨ᠎ᠤ ᠬᠦᠷᠢᠶ᠎ᠡ ᠴᠠᠷᠠᠭ᠎ᠠ᠎ᠳᠤ᠎ᠬᠢ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠤᠬᠰᠠᠨ ᠪᠠᠢ᠌ᠨ᠎ᠠ᠃








   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》 ᠵᠢᠨ ᠲᠡᠷᠢᠭᠦᠨ ᠨᠢᠭᠤᠷ᠎ᠤᠨ ᠲᠡᠷᠢᠭᠦᠨ ᠵᠤᠷᠪᠤᠰ᠎ᠲᠤ 《〈ᠭᠤᠷᠪᠠᠨ ᠤᠮᠠᠷᠠᠲᠤ〉 ᠵᠢᠨ ᠰᠢᠷᠦᠭᠦᠨ ᠲᠠᠢ᠌ᠯᠠᠯᠳᠤᠭ᠋ᠠᠨ》 ᠬᠡᠬᠦ ᠵᠣᠬᠢᠶᠠᠯ᠎ᠢ ᠨᠡᠢ᠌ᠲᠡᠯᠡᠪᠡ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠴᠠᠭ ᠠᠭᠤᠷ᠎ᠤᠨ ᠬᠡᠲᠦ ᠪᠤᠳᠤᠯᠳᠠ ᠵᠢᠨ ᠲᠥᠪ (ᠬᠣᠷᠢᠨᠭᠡᠷ) ᠫᠠᠢ᠌ᠰᠠ ᠡᠯᠬᠦᠵᠤ ᠠᠵᠢᠯᠯᠠᠵᠤ ᠡᠬᠢᠯᠡᠪᠡ
ᠮᠠᠨ᠎ᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠪᠠ
ᠮᠠᠨ᠎ᠤ ᠤᠷᠤᠨ ᠲᠤᠰᠬᠠᠢ ᠪᠡᠯᠡ ᠮᠥᠩᠭᠥ 5000 ᠲᠦᠮᠡᠨ ᠲᠥᠭᠥᠷᠢᠭ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠪᠠ
 
            