ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》 ᠵᠢᠨ ᠲᠡᠷᠢᠭᠦᠨ ᠨᠢᠭᠤᠷ᠎ᠤᠨ ᠲᠡᠷᠢᠭᠦᠨ ᠵᠤᠷᠪᠤᠰ᠎ᠲᠤ 《〈ᠭᠤᠷᠪᠠᠨ ᠤᠮᠠᠷᠠᠲᠤ〉 ᠵᠢᠨ ᠰᠢᠷᠦᠭᠦᠨ ᠲᠠᠢ᠌ᠯᠠᠯᠳᠤᠭ᠋ᠠᠨ》 ᠬᠡᠬᠦ ᠵᠣᠬᠢᠶᠠᠯ᠎ᠢ ᠨᠡᠢ᠌ᠲᠡᠯᠡᠪᠡ
ᠨᠡᠶᠢᠲᠡᠯᠡᠭᠰᠡᠨ ᠴᠠᠭ᠄ 2024-05-23

    ᠮᠠᠨ᠎ᠤ ᠤᠯᠤᠰ᠎ᠤᠨ ᠪᠠᠷᠠᠭᠤᠨ ᠬᠣᠢ᠌ᠲᠤ ᠣᠷᠣᠨ᠂ ᠤᠮᠠᠷᠠᠲᠤ ᠣᠷᠣᠨ᠂ ᠵᠡᠭᠦᠨ ᠬᠣᠢ᠌ᠲᠤ ᠣᠷᠣᠨ ᠵᠶ᠋ᠠᠷ ᠬᠥᠨᠳᠡᠯᠢᠰᠴᠦ ᠪᠠᠢ᠌ᠭ᠎ᠠ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠳᠤ ᠵᠡᠭᠦᠨᠰᠢ ᠪᠠᠷᠠᠭᠤᠨᠰᠢ 2000 ᠭᠠᠷᠤᠢ ᠺᠢᠯᠣᠮᠧᠲᠷ ᠠᠯᠤᠰᠯᠠᠵᠤ ᠪᠠᠢ᠌ᠭ᠎ᠠ ᠡᠯᠡᠰᠦᠨ ᠲᠠᠯᠠᠢ᠎ᠳᠤ ᠦᠪᠤᠷ ᠮᠤᠡᠭᠭᠤᠯ᠎ᠤᠨ᠎ᠬᠢᠨ ᠠᠯᠢ ᠡᠷᠲᠡ ᠳᠠᠭ᠋ᠠᠷᠢᠯᠲᠠ ᠵᠢᠨ ᠪᠦᠷᠢᠶ᠎ᠡ ᠵᠢ ᠬᠠᠩᠭᠢᠨᠠᠭᠤᠯᠤᠭᠰᠠᠨ ᠶᠤᠮ᠃
   ᠮᠠᠨ᠎ᠤ ᠤᠯᠤᠰ ᠪᠣᠯ ᠳᠡᠯᠡᠬᠡᠢ ᠳᠡᠭᠡᠷᠡᠬᠢ ᠴᠦᠯᠯᠡᠷᠬᠡᠭᠵᠢᠯ ᠵᠶ᠋ᠡᠷ ᠬᠠᠮᠤᠭ᠎ᠤᠨ ᠨᠣᠴᠢᠲᠠᠢ ᠤᠯᠤᠰ᠎ᠤᠨ ᠨᠢᠬᠡ᠂ ᠴᠦᠯᠯᠡᠷᠬᠡᠭᠵᠢᠭᠰᠡᠨ ᠭᠠᠵᠠᠷ ᠰᠢᠷᠣᠢ᠎ᠨᠢ ᠭᠣᠣᠯᠳᠠᠭᠤ 《ᠭᠤᠷᠪᠠᠨ ᠤᠮᠠᠷᠠᠲᠤ》 ᠵᠢᠨ ᠭᠠᠵᠠᠷ ᠣᠷᠣᠨ ᠵᠶ᠋ᠠᠷ ᠲᠠᠷᠬᠠᠵᠤ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠂ ᠳᠤᠮᠳᠠᠳᠤ ᠵᠢᠨ ᠦᠨᠳᠦᠰᠦᠲᠡᠨ᠎ᠤ ᠣᠷᠣᠰᠢᠨ ᠲᠣᠭᠲᠠᠨᠢᠵᠤ ᠬᠥᠭᠵᠢᠬᠦ᠎ᠳᠤ ᠥᠷᠢᠰᠦᠯᠳᠦᠭᠡᠨ ᠪᠣᠯᠵᠤ ᠪᠠᠢ᠌ᠨ᠎ᠠ᠃ ᠨᠢᠳᠤᠨᠤᠨ᠎ᠤ 6 ᠳ᠋ᠤᠭ᠋ᠠᠷ ᠰᠠᠷ᠎ᠠ᠎ᠳᠤ ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》᠎ᠤ ᠠᠮᠢ ᠠᠬᠤᠢ ᠵᠢᠨ ᠵᠠᠰᠠᠯᠳᠠ  ᠵᠢᠨ ᠠᠵᠢᠯ᠎ᠢ ᠠᠬᠢᠭᠤᠯᠬᠤ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠷᠢᠯᠴᠠᠬᠤ ᠬᠤᠷᠠᠯ᠎ᠢ ᠥᠪᠥᠷ ᠮᠣᠩᠭᠣᠯ᠎ᠳᠤ ᠬᠤᠷᠠᠯᠳᠤᠭᠤᠯᠪᠠ᠃ ᠬᠤᠷᠠᠯ ᠳᠡᠭᠡᠷ᠎ᠡ 《〈ᠭᠤᠷᠪᠠᠨ ᠤᠮᠠᠷᠠᠲᠤ ᠵᠢᠨ〉 ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠬᠢᠬᠦ》 ᠤᠷᠢᠶᠠᠯᠠᠭ᠎ᠠ ᠭᠠᠷᠭ᠋ᠠᠵᠤ᠂ ᠬᠠᠲᠤᠨ ᠭᠣᠣᠯ᠎ᠤᠨ 《   ᠬᠡᠳᠤᠨ ᠨᠤᠭᠤᠯᠤᠭ᠎ᠠ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠬᠣᠷᠴᠢᠨ᠎ᠤ ᠡᠯᠡᠰᠤ᠂ ᠬᠤᠯᠠᠨ ᠰᠢᠷᠭ᠎ᠠ ᠲᠠᠭ᠎ᠠ ᠵᠢᠨ ᠡᠯᠡᠰᠤ ᠵᠡᠷᠬᠡ ᠬᠣᠶᠠᠷ ᠶᠡᠬᠡ ᠡᠯᠡᠰᠦᠷᠬᠡᠭ ᠭᠠᠵᠠᠷ᠎ᠢ ᠨᠤᠭᠤᠭ᠋ᠠᠷᠠᠭᠤᠯᠬᠤ ᠲᠠᠢ᠌ᠯᠠᠯᠳᠤᠭ᠋ᠠᠨ᠂ ᠬᠠᠲᠤᠨ ᠭᠣᠣᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠵᠠᠬ᠎ᠠ᠎ᠳᠤ᠎ᠬᠢ ᠬᠣᠷᠢᠭᠯᠠᠨ ᠴᠣᠬᠢᠬᠤ ᠲᠠᠢ᠌ᠯᠠᠯᠳᠤᠭ᠋ᠠᠨ ᠵᠡᠷᠭᠡ ᠪᠡᠯᠭᠡ  ᠲᠡᠮᠳᠡᠭᠴᠢ ᠭᠤᠷᠪᠠᠨ ᠳᠠᠢ᠌ᠯᠠᠯᠳᠤᠭ᠋ᠠᠨ᠎ᠢ ᠴᠢᠷᠮᠠᠢ᠌ᠨ ᠰᠠᠢ᠌ᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃
  ᠨᠢᠳᠤᠨᠤᠨ᠎ᠠᠴᠠ  ᠨᠠᠭ᠋ᠠᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠨᠡ ᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠬᠦ ᠲᠠᠯ᠎ᠠ᠎ᠪᠠᠷ ᠡᠬᠢᠯᠡᠬᠦᠯᠤᠬᠡᠳ ᠺᠠᠳ᠋ᠷ ᠤᠯᠠᠨ ᠲᠦᠮᠡᠨ ᠡᠯᠡᠰᠦ ᠵᠢ ᠵᠠᠰᠠᠬᠤ ᠡᠮᠦᠨ᠎ᠡ ᠹᠷᠣᠨᠲ᠎ᠲᠤ  ᠭᠠᠪᠰᠢᠭ᠋ᠠᠢ᠌ᠯᠠᠨ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠤᠮᠢᠨ ᠨᠣᠭᠣᠭ᠋ᠠᠨ ᠤᠷᠳᠤ ᠴᠠᠭ᠋ᠠᠨ ᠬᠡᠷᠡᠮ᠎ᠢ ᠨᠡᠩ ᠪᠠᠲᠤ ᠪᠡᠬᠢ ᠪᠠᠶ᠋ᠢᠭᠤᠯᠬᠤ᠎ᠪᠠᠷ ᠴᠢᠷᠮᠠᠢ᠌ᠯ᠎ᠠ᠃

   ᠪᠦᠬᠦ ᠲᠠᠯ᠎ᠠ᠎ᠪᠠᠷ ᠳᠠᠢ᠍ᠢ᠍ᠴᠢᠯᠠᠵᠦ ᠨᠢᠭᠡ ᠴᠣᠭᠴᠠᠵᠢᠭᠤᠯᠤᠨ ᠠᠬᠢᠭᠤᠯᠪᠠ

   ᠪᠠᠷᠠᠭᠤᠨ᠎ᠠᠴᠠ ᠵᠡᠭᠦᠨᠰᠢ ᠬᠠᠷᠠᠬᠤ᠎ᠳᠤ ᠥᠪᠥᠷ ᠮᠣᠩᠭᠣᠯ᠎ᠤᠨ ᠬᠢᠯᠢ᠎ᠳᠤ ᠪᠠᠳᠠᠢ ᠵᠢᠨ ᠵᠢᠷᠠᠨ᠂ ᠲᠡᠭᠷᠢ ᠡᠯᠡᠰᠤ᠂ ᠤᠯᠠᠭ᠋ᠠᠨᠪᠤᠬ᠎ᠠ ᠵᠢᠨ ᠡᠯᠡᠰᠤ᠂ ᠬᠥᠪᠴᠢ ᠵᠢᠨ ᠡᠯᠡᠰᠦ ᠮᠠᠩᠬ᠎ᠠ ᠪᠠ ᠮᠤᠤᠠᠤᠰᠤ᠂ ᠬᠤᠯᠠᠨ ᠰᠢᠷᠭ᠎ᠠ ᠲᠠᠭ᠎ᠠ ᠵᠢᠨ ᠡᠯᠡᠰᠤ᠂ ᠬᠣᠷᠴᠢᠨ᠎ᠤ ᠡᠯᠡᠰᠤ᠂ ᠬᠥᠯᠥᠨ ᠪᠤᠢ᠍ᠢ᠍ᠷ᠎ᠤᠨ ᠡᠯᠡᠰᠦᠷᠬᠡᠭ ᠭᠠᠵᠠᠷ ᠲᠠᠷᠬᠠᠵᠤ ᠪᠤᠢ᠃ ᠠᠮᠢ ᠠᠬᠤᠢ ᠬᠡᠪᠡᠷᠡᠭ ᠣᠷᠣᠨ ᠪᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠤᠭᠰᠠᠨ᠎ᠤ ᠬᠤᠪᠢ᠎ᠳᠤ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢ ᠥᠪᠥᠷ ᠮᠣᠩᠭᠣᠯ᠎ᠤᠨ ᠺᠠᠳ᠋ᠷ ᠤᠯᠠᠨ ᠲᠦᠮᠡᠨ ᠬᠦᠴᠦ ᠵᠠᠯᠭ᠋ᠠᠨ ᠡᠷᠡᠯᠬᠡᠭᠯᠡᠨ ᠲᠡᠮᠡᠴᠡᠵᠦ᠂ ᠡᠯᠡᠰᠦ ᠵᠢ ᠰᠡᠷᠭᠡᠢ᠌ᠯᠡᠵᠦ ᠵᠠᠰᠠᠭᠰᠠᠨ ᠠᠮᠵᠢᠯᠲᠠ ᠪᠦᠲᠦᠮᠵᠢ ᠎ᠨᠢ ᠬᠥᠮᠥᠰ᠎ᠤᠨ ᠠᠩᠬᠠᠷᠤᠯ᠎ᠢ ᠲᠠᠲᠠᠪᠠ᠃
    ᠰᠢᠨ᠎ᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠵᠢᠨ ᠲᠥᠯᠥᠭᠡ ᠨᠢᠳᠤᠨᠤᠨ ᠵᠢᠯ᠎ᠤᠨ ᠰᠡᠭᠦᠯᠴᠢ᠎ᠪᠠᠷ ᠬᠤᠷᠠᠯᠳᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠬᠦᠳᠡ ᠬᠤᠷᠠᠯ ᠲᠡᠬᠡᠷ᠎ᠡ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠢᠨᠵᠧᠨᠧᠷᠢᠩ ᠪᠤᠯᠭ᠋ᠠᠵᠠᠢ᠃
    ᠵᠣᠬᠢᠶᠠᠨ ᠪᠠᠢ᠌ᠭᠤᠯᠵᠤ ᠵᠢᠯᠤᠭᠣᠳᠬᠤ ᠵᠢ ᠴᠢᠩᠭ᠋ᠠᠳᠬᠠᠬᠤ ᠵᠢᠨ ᠲᠥᠯᠥᠭᠡ ᠥᠪᠥᠷ ᠮᠣᠩᠭᠣᠯ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ 《ᠭᠤᠷᠪᠠᠨ ᠤᠮᠠᠷᠠᠲᠤ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ  ᠠᠬᠢᠭᠤᠯᠬᠤ ᠤᠳᠤᠷᠢᠳᠬᠤ ᠳᠤᠭᠤᠢ᠌ᠯᠠᠩ᠎ᠢ ᠪᠠᠢ᠌ᠭᠤᠯᠤᠭᠰᠠᠨ ᠪᠥᠭᠡᠳ ᠠᠵᠢᠯ᠎ᠤᠨ ᠲᠤᠰᠬᠠᠢ ᠠᠩᠭᠢ ᠪᠠᠢ᠌ᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠭᠤᠷᠪᠠᠨ ᠤᠮᠠᠷᠠᠲᠤ〉 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ (2021 — 2030 ᠣᠨ)》 ᠪᠣᠯᠣᠨ ᠪᠡᠯᠭᠡ  ᠲᠡᠮᠳᠡᠭᠴᠢ ᠭᠤᠷᠪᠠᠨ ᠳᠠᠢ᠌ᠯᠠᠯᠳᠤᠭ᠋ᠠᠨ᠎ᠤ ᠲᠤᠬᠠᠢ ᠬᠡᠷᠡᠭᠵᠢᠭᠦᠯᠬᠦ ᠲᠥᠰᠥᠯ᠎ᠢ ᠨᠠᠢ᠌ᠷᠠᠭᠤᠯᠤᠨ ᠵᠣᠬᠢᠶᠠᠵᠤ ᠳᠠᠭᠤᠰᠬᠠᠭ᠋ᠠᠳ᠂ ᠪᠥᠬᠥ ᠣᠷᠣᠨ᠎ᠤ 103 ᠬᠣᠰᠢᠭᠤ ᠰᠢᠶᠠᠨ ᠲᠣᠭᠣᠷᠢᠭ᠎ᠢ ᠴᠥᠮ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠪᠠ᠃
    ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠲᠣᠬᠢᠷᠠᠭᠤᠯᠭ᠎ᠠ᠎ᠪᠠᠷ ᠵᠠᠰᠠᠬᠤ ᠲᠥᠷᠥᠯ ᠵᠦᠢ᠍ᠯ ᠵᠶ᠋ᠡᠨ ᠤᠷᠢᠳᠴᠢᠯᠠᠨ ᠲᠥᠯᠥᠪᠵᠢᠭᠦᠯᠵᠦ᠂ ᠮᠠᠰᠢᠨ ᠮᠧᠬᠠᠨᠢᠭ᠂ ᠡᠯᠡᠰᠦᠨ ᠬᠠᠯᠬᠠᠪᠴᠢ ᠵᠢᠨ ᠲᠦᠭᠦᠬᠡᠢ ᠮᠠᠲ᠋ᠧᠷᠢᠶᠠᠯ᠂  ᠴᠢᠬᠢ ᠮᠣᠳᠣ᠂ ᠡᠪᠡᠰᠦᠨ᠎ᠤ ᠦᠷ᠎ᠡ᠂ ᠬᠥᠮᠥᠨ᠎ᠤ ᠬᠦᠴᠦᠨ᠎ᠢ ᠴᠤᠭᠯᠠᠭᠤᠯᠵᠤ᠂  ᠪᠡᠯᠭᠡ ᠲᠡᠮᠳᠡᠭᠴᠢ ᠭᠤᠷᠪᠠᠨ᠎ᠢ ᠳᠠᠢ᠌ᠯᠠᠯᠳᠤᠭ᠋ᠠᠨ᠎ᠢ ᠬᠠᠪᠤᠷ ᠪᠤᠯᠤᠡᠭᠭᠤᠳᠠ ᠪᠥᠬᠥ ᠲᠠᠯ᠎ᠠ᠎ᠪᠠᠷ ᠡᠬᠢᠯᠡᠭᠦᠯᠬᠦ ᠵᠢ ᠬᠦᠴᠦᠲᠡᠢ ᠪᠠᠲᠤᠯᠠᠪᠠ᠃
    ᠣᠷᠳᠣᠰ ᠬᠤᠳᠠ ᠵᠢᠨ ᠬᠠᠩᠭᠢᠨ ᠬᠣᠰᠢᠭᠤᠨ᠎ᠤ ᠬᠥᠪᠴᠢ ᠵᠢᠨ ᠡᠯᠡᠰᠦᠨ ᠴᠦᠯ᠎ᠤᠨ ᠬᠣᠢ᠌ᠲᠤ ᠵᠠᠬ᠎ᠠ ᠵᠢᠨ ᠤᠢ ᠵᠢᠨ ᠪᠦᠰᠡ ᠵᠢᠨ ᠲᠦᠷᠦᠯ ᠵᠦᠢ᠍ᠯ᠎ᠤᠨ ᠲᠣᠭᠣᠷᠢᠭ᠎ᠲᠤ ᠪᠤᠷᠭ᠋ᠠᠰᠤ ᠵᠢ ᠬᠡᠷᠴᠢᠵᠤ᠂ ᠭᠤᠤ ᠰᠤᠪᠠᠭ ᠮᠠᠯᠲᠠᠵᠤ᠂ ᠡᠯᠡᠰᠦᠨ ᠬᠣᠷᠢᠭ᠎ᠠ ᠲᠠᠷᠤᠪᠠ᠁ ᠬᠠᠪᠤᠷ᠎ᠤᠨ ᠠᠭᠤᠷ ᠣᠷᠣᠭᠰᠠᠨ᠎ᠤ ᠲᠠᠷᠠᠭ᠎ᠠ ᠡᠯᠡᠰᠦ ᠵᠠᠰᠠᠬᠤ ᠬᠡᠳᠦᠨ ᠮᠢᠩᠭ᠋ᠠᠨ ᠬᠥᠮᠥᠰ ᠡᠯᠡᠰᠦᠨ ᠲᠠᠩᠭᠢᠰ ᠤᠷᠤᠭᠤ ᠴᠡᠷᠢᠭᠯᠡᠯ᠎ᠡ᠃ ᠬᠠᠩᠭᠢᠨ ᠬᠣᠰᠢᠭᠤᠨ᠎ᠤ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠢ ᠱᠤ᠌ ᠫᠸᠡᠭ᠄ 《ᠮᠠᠨ᠎ᠤ ᠡᠨᠳᠡ ᠬᠠᠪᠤᠷ ᠣᠬᠣᠷ ᠪᠤᠯᠬᠤᠷ ᠴᠠᠭ ᠬᠤᠭᠤᠴᠠᠭ᠎ᠠ ᠬᠦᠮᠦᠨ᠎ᠢ ᠬᠦᠯᠢᠶᠡᠬᠦ ᠦᠬᠡᠢ᠃ ᠡᠨᠡ ᠵᠢᠯ ᠬᠥᠪᠴᠢ ᠵᠢᠨ ᠡᠯᠡᠰᠦᠨ ᠴᠦᠯ᠎ᠤᠨ ᠬᠣᠢ᠌ᠲᠤ ᠵᠠᠬ᠎ᠠ ᠵᠢᠨ 188 ᠺᠢᠯᠤᠮᠥᠲᠷ᠎ᠤᠨ ᠡᠯᠡᠰᠦ ᠵᠢ ᠰᠡᠷᠭᠡᠢ᠌ᠯᠡᠵᠦ ᠭᠣᠣᠯ᠎ᠢ ᠬᠠᠮᠠᠭ᠋ᠠᠯᠠᠬᠤ ᠬᠥᠪᠡᠭᠡ ᠵᠢ ᠲᠦᠭᠵᠢᠬᠦ ᠤᠢ ᠵᠢᠨ ᠪᠦᠰᠡ ᠪᠣᠯᠣᠨ ᠥᠷᠥᠴᠡ ᠭᠠᠵᠠᠷ᠎ᠤᠨ 240 ᠺᠢᠯᠤᠮᠥᠲᠷ᠎ᠤᠨ ᠰᠠᠯᠬᠢ ᠡᠯᠡᠰᠦᠨ᠎ᠤ ᠵᠠᠮ᠎ᠤᠨ ᠬᠣᠷᠢᠭᠯᠠᠯᠲᠠ ᠵᠢᠨ ᠪᠦᠰᠡ ᠵᠡᠷᠭᠡ ᠲᠦᠷᠦᠯ ᠵᠦᠢ᠍ᠯ᠎ᠢ ᠡᠬᠢᠯᠡᠨ ᠪᠦᠲᠦᠭᠡᠨ ᠪᠠᠢ᠌ᠭᠤᠯᠵᠤ ᠪᠠᠢ᠌ᠨ᠎ᠠ᠂ ᠭᠣᠣᠯᠳᠠᠭᠤ ᠪᠠᠷᠢᠯᠭ᠎ᠠ᠎ᠪᠠᠷ ᠡᠯᠡᠰᠦ ᠵᠢ ᠲᠣᠭᠲᠠᠪᠤᠷᠢᠵᠢᠭᠤᠯᠬᠤ᠂ ᠣᠢ᠌ᠵᠢᠭᠤᠯᠵᠤ ᠡᠪᠡᠰᠦ ᠲᠠᠷᠢᠬᠤ ᠵᠡᠷᠭᠡ ᠠᠷᠭ᠎ᠠ᠎ᠪᠠᠷ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠵᠤ᠂ ᠡᠯᠡᠰᠦᠨ ᠴᠦᠯ᠎ᠤᠨ ᠡᠮᠦᠨᠡᠰᠢ ᠰᠢᠯᠵᠢᠵᠦ ᠤᠮᠠᠷᠠᠰᠢ ᠥᠷᠭᠡᠳᠬᠦ ᠵᠢ ᠪᠦᠬᠦ ᠲᠠᠯ᠎ᠠ᠎ᠪᠠᠷ ᠬᠣᠷᠢᠭᠯᠠᠨ᠎ᠠ》 ᠭᠡᠵᠦ ᠬᠡᠯᠡᠪᠡ᠃ ᠥᠪᠥᠷ ᠮᠣᠩᠭᠣᠯ᠎ᠤᠨ ᠡᠯ᠎ᠡ ᠡᠯᠡᠰᠦ ᠵᠠᠰᠠᠬᠤ ᠣᠷᠣᠨ᠎ᠤ᠎ᠬᠢᠨ ᠤᠷᠴᠢᠮ᠎ᠳᠤ ᠴᠠᠭ ᠤᠯᠠᠷᠢᠯ ᠪᠣᠯᠣᠨ ᠴᠢᠭᠢᠭ᠎ᠤᠨ ᠪᠠᠢ᠌ᠳᠠᠯ᠎ᠢ ᠠᠮᠵᠢᠨ ᠡᠪᠡᠰᠦ ᠮᠣᠳᠣ ᠲᠠᠷᠢᠵᠤ ᠪᠠᠢ᠌ᠨ᠎ᠠ᠃
    ᠡᠨᠡ ᠵᠢᠯ ᠥᠪᠥᠷ ᠮᠣᠩᠭᠣᠯ᠎ᠤᠨ᠎ᠬᠢᠨ ᠪᠠᠰᠠ ᠪᠡᠯᠭᠡ ᠲᠡᠮᠳᠡᠭᠴᠢ ᠭᠤᠷᠪᠠᠨ ᠳᠠᠢ᠌ᠯᠠᠯᠳᠤᠭ᠋ᠠᠨ᠎ᠤ ᠣᠷᠣᠨ ᠪᠦᠰᠡ᠎ᠪᠠᠷ ᠭᠣᠣᠯᠳᠠᠯᠭ᠎ᠠ ᠪᠣᠯᠭ᠋ᠠᠵᠤ᠂ 40 ᠭᠠᠵᠠᠷ᠎ᠤᠨ ᠨᠢᠮᠪᠡᠭᠡ᠂ ᠰᠢᠷ᠎ᠠ ᠪᠤᠷᠭ᠋ᠠᠰᠤ᠂ ᠴᠢᠴᠠᠷᠭ᠋ᠠᠨ᠎ᠠ ᠵᠡᠷᠭᠡ ᠡᠯᠡᠰᠦᠨ᠎ᠳᠤ ᠤᠷᠭᠤᠬᠤ ᠪᠣᠳᠠ ᠮᠣᠳᠣᠨ᠎ᠤ ᠴᠢᠬᠢ ᠵᠢᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ᠎ᠳᠤ ᠪᠡᠯᠡ ᠮᠥᠩᠭᠥ ᠲᠣᠬᠢᠷᠠᠭᠤᠯᠤᠨ᠂ ᠡᠯᠡᠰᠦ ᠵᠢ ᠵᠠᠰᠠᠬᠤ᠎ᠳᠤ ᠬᠡᠷᠡᠭᠯᠡᠬᠦ ᠴᠢᠬᠢ ᠵᠢᠨ ᠬᠡᠷᠡᠭᠴᠡᠭᠡ ᠵᠢ ᠴᠢᠷᠮᠠᠢ᠌ᠨ ᠪᠠᠳᠤᠯᠠᠬᠰᠠᠨ᠎ᠠᠴᠠ ᠭᠠᠳᠠᠨ᠎ᠠ ᠥᠪᠥᠷ ᠮᠣᠩᠭᠣᠯ᠎ᠤᠨ᠎ᠬᠢᠨ ᠪᠠᠰᠠ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠡᠭᠦᠷᠭᠡ ᠵᠢ ᠡᠭᠦᠷᠭᠡᠯᠡᠬᠦ ᠵᠢ ᠳᠡᠮᠵᠢᠬᠦ ᠰᠢᠨ᠎ᠡ ᠠᠷᠭ᠎ᠠ᠎ᠪᠠᠷ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠠᠷᠭ᠎ᠠ ᠵᠢ ᠢᠳᠡᠪᠬᠢᠲᠡᠢ ᠬᠡᠷᠡᠭᠵᠢᠭᠦᠯᠵᠦ᠂ ᠮᠠᠯᠴᠢᠨ ᠲᠠᠷᠢᠶᠠᠴᠢᠳ᠎ᠢ ᠳᠠᠶ᠋ᠢᠴᠢᠯᠠᠨ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠭᠤᠯᠵᠠᠢ᠃
   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ᠎ᠬᠢᠨ 3 ᠰᠠᠷ᠎ᠠ ᠵᠢᠨ 18᠎ᠤ ᠡᠳᠦᠷ ᠪᠠᠰᠠ 2024 ᠣᠨ᠎ᠤ 2 ᠳ᠋ᠤᠭ᠋ᠠᠷ ᠶᠡᠷᠦᠩᠬᠡᠢ ᠣᠶ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠢ᠌ᠲᠡᠯᠡᠵᠦ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠪᠡᠯᠭᠡ ᠲᠡᠮᠳᠡᠭᠴᠢ ᠭᠤᠷᠪᠠᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠬᠦ ᠲᠤᠬᠠᠢ ᠪᠣᠳᠠᠲᠠᠢ᠎ᠪᠠᠷ ᠪᠠᠢ᠌ᠷᠢᠯᠠᠭᠤᠯᠪᠠ᠃ ᠢᠨᠵᠧᠨᠧᠷᠢᠩ᠎ᠤᠨ ᠬᠠᠮ ᠳᠠᠢ᠌ᠯᠠᠯᠳᠤᠭ᠋ᠠᠨ᠎ᠢ ᠰᠠᠢ᠌ᠲᠤᠷ ᠵᠣᠬᠢᠶᠠᠨ ᠪᠠᠶ᠋ᠢᠭᠤᠯᠬᠤ ᠵᠢᠨ ᠲᠥᠯᠥᠭᠡ ᠦᠪᠤᠷ ᠮᠤᠡᠭᠭᠤᠯ᠎ᠤᠨ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠬᠤ ᠺᠠᠳ᠋ᠷ ᠠᠷᠪᠠᠨ ᠵᠠᠮ ᠬᠤᠪᠢᠶᠠᠨ᠂ 12 ᠠᠢ᠌ᠮᠠᠭ ᠬᠤᠳᠠ ᠵᠢᠨ ᠡᠯᠡᠰᠦ ᠵᠢ ᠰᠡᠷᠭᠡᠢ᠌ᠯᠡᠨ ᠵᠠᠰᠠᠬᠤ ᠢᠨᠵᠧᠨᠧᠷᠢᠩ᠎ᠤᠨ ᠲᠤᠬᠠᠢ ᠵᠢᠨ ᠲᠠᠯᠠᠪᠠᠢ᠎ᠳᠤ ᠭᠦᠨᠵᠡᠭᠡᠢ᠌ᠷᠡᠵᠦ᠂  ᠲᠠᠢ᠌ᠯᠠᠯᠳᠤᠭ᠋ᠠᠨ᠎ᠢ ᠱᠠᠯᠠᠪᠳᠠᠭᠤᠯᠪᠠ᠃
   ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ ᠡᠯᠡᠰᠦ ᠵᠢ ᠰᠡᠷᠭᠡᠢ᠌ᠯᠡᠨ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠡᠨᠡ ᠵᠢᠯ ᠥᠪᠥᠷ ᠮᠣᠩᠭᠣᠯ᠎ᠤᠨ᠎ᠬᠢᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1320 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠬᠦ᠎ᠪᠠᠷ ᠲᠥᠯᠥᠪᠯᠡᠵᠦ᠂ 230 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠵᠢ ᠢᠵᠢ ᠪᠦᠷᠢᠳᠦᠭᠦᠯᠦᠨ ᠪᠡᠶᠡᠯᠡᠭᠦᠯᠵᠦ᠂ 2030 ᠣᠨ ᠪᠣᠯᠬᠤ᠎ᠳᠤ ᠪᠥᠬᠥ ᠣᠷᠣᠨ᠎ᠤ ᠡᠯᠡᠰᠦ ᠵᠢ ᠰᠡᠷᠭᠡᠢ᠌ᠯᠡᠵᠦ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1.19 ᠳ᠋ᠦᠩᠰᠢᠭᠤᠷ ᠺᠢᠯᠣᠸᠠᠲ ᠴᠠᠭ᠎ᠲᠤ ᠬᠦᠷᠦᠭᠦᠯᠵᠦ᠂ ᠡᠯᠡᠰᠦᠵᠢᠭᠰᠡᠨ ᠭᠠᠵᠠᠷ ᠰᠢᠷᠣᠢ ᠵᠢ 1151 ᠲᠦᠮᠡᠨ ᠮᠦ᠍ ᠶᠡᠷᠦᠩᠬᠡᠢ᠌ᠯᠡᠨ ᠵᠠᠰᠠᠬᠤ᠎ᠪᠠᠷ ᠴᠢᠷᠮᠠᠢ᠌ᠵᠤ᠂ ᠠᠮᠢ ᠠᠬᠤᠢ ᠵᠢ ᠵᠠᠰᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠨ᠂ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠵᠦ ᠴᠢᠳᠠᠬᠤ᠎ᠪᠠᠷ ᠪᠠᠷᠠᠬᠤ ᠦᠭᠡᠢ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠬᠠᠷᠠᠯᠲᠠ᠎ᠳᠤ ᠬᠦᠷᠦᠬᠦᠯᠦᠭᠰᠡᠨ ᠪᠠᠢ᠌ᠨ᠎ᠠ᠃

   ᠰᠢᠷᠦᠭᠦᠨ ᠪᠠᠢ᠌ᠯᠳᠤᠭ᠋ᠠᠨ᠎ᠤ ᠪᠦᠷᠢᠶ᠎ᠡ ᠡᠯᠡᠰᠦᠨ ᠲᠠᠯᠠᠢ᠎ᠳᠤ ᠴᠤᠤᠷᠢᠶᠠᠳᠤᠨ᠎ᠠ

    ᠥᠪᠥᠷ ᠮᠣᠩᠭᠣᠯ᠎ᠤᠨ ᠬᠢᠯᠢ ᠳᠣᠲᠣᠷᠠᠬᠢ ᠬᠠᠲᠤᠨ ᠭᠣᠣᠯ᠎ᠤᠨ 《ᠬᠡᠳᠦᠨ ᠨᠤᠭᠤᠯᠤᠭ᠎ᠠ》 ᠵᠢᠨ ᠣᠷᠣᠨ ᠪᠦᠰᠡ᠎ᠨᠢ ᠠᠯᠠᠱ᠌ᠠ᠂ ᠦᠬᠠᠢ᠂ ᠣᠷᠳᠣᠰ ᠵᠡᠷᠭᠡ 7 ᠠᠢ᠌ᠮᠠᠭ ᠬᠣᠲᠠ ᠵᠢᠨ 35 ᠬᠣᠰᠢᠭᠤ ᠰᠢᠶᠠᠨ ᠲᠣᠭᠣᠷᠢᠭ᠎ᠯᠤᠭ᠎ᠠ ᠬᠣᠯᠪᠣᠭᠳᠠᠵᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠶᠡᠷᠦᠩᠬᠡᠢ ᠲᠠᠯᠠᠪᠠᠶ᠎ᠨᠢ 2.27 ᠳ᠋ᠦᠩᠰᠢᠭᠤᠷ ᠮᠦ᠍᠂ ᠡᠯᠡᠰᠦᠷᠬᠡᠭᠵᠢᠭᠰᠡᠨ ᠭᠠᠵᠠᠷ ᠰᠢᠷᠣᠢ ᠨᠡᠯᠢᠶᠡᠳ ᠲᠥᠪᠯᠡᠷᠡᠭᠰᠡᠨ᠂ ᠬᠡᠮᠵᠢᠶ᠎ᠡ᠎ᠪᠠᠷ ᠨᠡᠯᠢᠶᠡᠳ ᠬᠦᠨᠳᠦ ᠭᠠᠵᠠᠷ ᠣᠷᠣᠨ ᠪᠠ ᠰᠠᠴᠤᠷᠠᠭᠯᠠᠭᠰᠠᠨ ᠣᠷᠣᠨ ᠪᠦᠰᠡ᠎ᠪᠠᠷ ᠶᠡᠬᠡ ᠰᠠᠯᠬᠢ ᠡᠯᠡᠰᠦᠨ᠎ᠤ ᠡᠬᠢ ᠰᠤᠷᠪᠤᠯᠵᠢ ᠪᠣᠯᠣᠨ᠎ᠠ᠃
    ᠠᠯᠠᠱ᠌ᠠ ᠠᠢ᠌ᠮᠠᠭ᠎ᠤᠨ ᠪᠠᠳᠠᠢ ᠵᠢᠨ ᠵᠢᠷᠠᠨ᠎ᠤ ᠡᠯᠡᠰᠦᠨ᠎ᠤ ᠵᠡᠭᠦᠨ ᠡᠮᠦᠨ᠎ᠡ ᠵᠠᠬ᠎ᠠ ᠵᠢᠨ ᠡᠯᠡᠰᠦᠨ ᠲᠤᠪᠤ ᠵᠢᠨ ᠲᠡᠯᠡᠯᠲᠡ ᠵᠢᠨ ᠣᠷᠣᠨ ᠵᠡᠷᠭᠡ 7 ᠡᠯᠡᠰᠦ ᠵᠠᠰᠠᠬᠤ ᠲᠦᠷᠦᠯ ᠵᠦᠢ᠍ᠯ᠎ᠤᠨ ᠣᠷᠣᠨ᠎ᠳᠤ 3 ᠳ᠋ᠤᠭ᠋ᠠᠷ ᠰᠠᠷ᠎ᠠ᠎ᠠᠴᠠ ᠨᠠᠭ᠋ᠠᠰᠢ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠵᠶ᠋ᠡᠷ ᠪᠦᠷᠢᠯᠳᠦᠭᠰᠡᠨ ᠮᠣᠳᠣ ᠳᠠᠷᠢᠬᠤ ᠶᠡᠬᠡ ᠴᠡᠷᠢᠭ ᠨᠤᠲᠤᠭ᠎ᠤᠨ ᠡᠪᠡᠰᠦ ᠪᠠ ᠪᠤᠳᠠ ᠮᠣᠳᠣ ᠲᠠᠷᠢᠵᠤ ᠶᠠᠭ᠋ᠠᠷᠠᠯᠳᠤᠨ᠎ᠠ᠃
    ᠠᠯᠠᠱ᠌ᠠ ᠠᠢ᠌ᠮᠠᠭ ᠥᠪᠥᠷ ᠮᠣᠩᠭᠣᠯ᠎ᠤᠨ ᠬᠠᠮᠤᠭ᠎ᠤᠨ ᠪᠠᠷᠠᠭᠤᠨ ᠬᠡᠰᠡᠭ᠎ᠲᠤ ᠪᠠᠢ᠌ᠷᠢᠯᠠᠵᠤ᠂ ᠡᠨᠳᠡ ᠪᠠᠢ᠌ᠭ᠎ᠠ ᠲᠡᠭᠷᠢ ᠡᠯᠡᠰᠦ᠂ ᠪᠠᠳᠠᠢ ᠵᠢᠨ ᠵᠢᠷᠠᠨ᠎ᠤ ᠡᠯᠡᠰᠦ᠂ ᠤᠯᠠᠭ᠋ᠠᠨᠪᠤᠬ᠎ᠠ ᠵᠢᠨ ᠡᠯᠡᠰᠤ ᠵᠢ ᠵᠠᠰᠠᠬᠤ ᠪᠤᠯ ᠬᠠᠯᠠᠳᠠᠢ ᠠᠵᠢᠯ ᠶᠤᠮ᠃ ᠠᠯᠠᠱ᠌ᠠ ᠠᠢ᠌ᠮᠠᠭ᠎ᠤᠨ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠳᠠᠷᠤᠭ᠎ᠠ ᠲᠦᠪᠰᠢᠨ᠄ 《ᠡᠨᠡ ᠬᠠᠪᠤᠷ᠎ᠤᠨ ᠡᠬᠢ᠎ᠪᠠᠷ ᠠᠯᠠᠱ᠌ᠠ ᠠᠢ᠌ᠮᠠᠭ᠎ᠤᠨ᠎ᠬᠢᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠡᠯᠡᠰᠦᠨ ᠴᠦᠯ᠎ᠢ ᠶᠡᠷᠦᠩᠬᠡᠢ᠌ᠯᠡᠨ ᠵᠠᠰᠠᠬᠤ ᠲᠦᠷᠦᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠢ ᠪᠦᠬᠦ ᠲᠠᠯ᠎ᠠ᠎ᠪᠠᠷ ᠡᠬᠢᠯᠡᠭᠦᠯᠵᠦ᠂ 621.3 ᠲᠦᠮᠡᠨ ᠮᠦ᠍ ᠵᠢᠨ ᠡᠯᠡᠰᠦ ᠵᠢ ᠵᠠᠰᠠᠬᠤ᠎ᠪᠠᠷ ᠲᠥᠯᠥᠪᠵᠢᠭᠦᠯᠵᠡᠢ》 ᠬᠡᠪᠡ᠃
     ᠣᠷᠳᠣᠰ ᠬᠣᠲᠠ᠎ᠨᠢ ᠬᠠᠲᠤᠨ ᠭᠣᠣᠯ᠎ᠤᠨ 《ᠬᠡᠳᠦᠨ ᠨᠤᠭᠤᠯᠤᠭ᠎ᠠ》 ᠵᠢᠨ ᠡᠮᠦᠨ᠎ᠡ ᠡᠷᠭᠢ᠎ᠳᠤ ᠪᠠᠢ᠌ᠷᠢᠯᠠᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠶᠡᠬᠡᠩᠬᠢ ᠬᠡᠰᠡᠭ ᠪᠠ ᠬᠥᠪᠴᠢ ᠵᠢᠨ ᠡᠯᠡᠰᠦᠨ ᠴᠥᠯ᠎ᠨᠢ ᠲᠣᠰ ᠬᠣᠲᠠ ᠵᠢᠨ ᠬᠢᠯᠢ᠎ᠳᠤ ᠪᠠᠢ᠌ᠳᠠᠭ᠃ ᠡᠨᠡ ᠵᠢᠯ ᠣᠷᠳᠣᠰ ᠬᠣᠲᠠ ᠵᠢᠨ᠎ᠬᠢᠨ ᠪᠡᠯᠡ ᠮᠥᠩᠭᠥ᠂ ᠡᠬᠢ ᠪᠠᠶᠠᠯᠢᠭ ᠵᠶ᠋ᠠᠨ ᠲᠥᠪᠯᠡᠷᠡᠭᠦᠯᠵᠦ᠂ ᠬᠥᠪᠴᠢ ᠵᠢᠨ ᠡᠯᠡᠰᠦᠨ ᠴᠥᠯ᠎ᠤᠨ ᠵᠡᠭᠦᠨ ᠬᠡᠰᠡᠭ᠎ᠤᠨ ᠨᠤᠭᠤᠭ᠋ᠠᠷᠠᠭᠤᠯᠤᠨ ᠵᠠᠰᠠᠬᠤ ᠣᠷᠣᠨ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠰᠠᠯᠬᠢᠨ᠎ᠤ ᠠᠮᠨ ᠵᠢᠨ ᠡᠯᠡᠰᠦ ᠵᠢ ᠬᠣᠷᠢᠭᠯᠠᠬᠤ ᠪᠦᠰᠡ ᠪᠠ ᠡᠷᠬᠢᠨ ᠲᠣᠭᠣᠷᠢᠨ᠎ᠤ ᠬᠤᠵᠢᠬᠢᠷ ᠮᠠᠡᠭᠬ᠎ᠠ ᠵᠢ ᠵᠠᠰᠠᠬᠤ ᠣᠷᠣᠨ ᠵᠡᠷᠭᠡ ᠪᠡᠯᠭᠡ  ᠲᠡᠮᠳᠡᠭᠴᠢ ᠢᠨᠵᠧᠨᠧᠷᠢᠩ᠎ᠢ ᠲᠥᠪᠯᠡᠷᠡᠭᠦᠯᠦᠨ ᠵᠠᠯᠭ᠋ᠠᠯᠳᠤᠭᠤᠯᠤᠨ ᠪᠦᠲᠦᠭᠡᠨ ᠪᠠᠢ᠌ᠭᠤᠯᠵᠤ᠂ ᠵᠠᠰᠠᠬᠤ ᠲᠥᠷᠥᠯ ᠵᠦᠢ᠍ᠯ᠎ᠤᠨ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ ᠵᠢ  ᠲᠡᠭᠡᠭᠰᠢᠯᠡᠬᠦᠯᠪᠡ᠃
    ᠣᠷᠳᠣᠰ ᠬᠣᠲᠠ ᠵᠢᠨ ᠣᠲᠣᠭ᠎ᠤᠨ ᠡᠮᠦᠨᠡᠲᠦ ᠬᠣᠰᠢᠭᠤᠨ᠎ᠤ ᠮᠤᠤᠠᠤᠰᠤ ᠡᠯᠡᠰᠦᠷᠬᠡᠭ ᠭᠠᠵᠠᠷ᠎ᠤᠨ ᠰᠠᠯᠬᠢᠨ᠎ᠤ  ᠠᠮᠨ ᠵᠢᠨ ᠬᠠᠯᠬᠠᠪᠴᠢ ᠪᠦᠰᠡ ᠵᠢᠨ ᠡᠯᠡᠰᠦ ᠵᠢ ᠵᠠᠰᠠᠬᠤ ᠲᠤᠬᠠᠢ ᠵᠢᠨ ᠲᠠᠯᠠᠪᠠᠶ᠎ᠳᠤ ᠬᠡᠳᠦᠨ ᠮᠢᠩᠭ᠋ᠠᠨ ᠺᠠᠳ᠋ᠷ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ ᠪᠣᠯᠣᠨ ᠮᠠᠯᠴᠢᠨ ᠲᠠᠷᠢᠶᠠᠴᠢᠨ ᠵᠶ᠋ᠠᠷ ᠪᠦᠷᠢᠯᠳᠦᠭᠰᠡᠨ ᠡᠯᠡᠰᠦ ᠵᠠᠰᠠᠬᠤ ᠶᠡᠬᠡ ᠴᠡᠷᠢᠭ ᠰᠢᠷᠦᠭᠦᠨ ᠲᠠᠢ᠌ᠯᠠᠯᠳᠤᠬᠤ᠎ᠳᠤ ᠠᠷᠤ᠎ᠳᠤ᠎ᠨᠢ ᠬᠥᠨᠳᠡᠯᠡᠨ ᠭᠤᠯᠳᠤ ᠰᠦᠯᠵᠢᠯᠳᠦᠭᠰᠡᠨ ᠡᠯᠡᠰᠦᠨ ᠬᠠᠯᠬᠠᠪᠴᠢ ᠡᠯᠡᠰᠦᠨ ᠲᠤᠪᠤ ᠳᠡᠯᠭᠡᠭᠳᠡᠵᠦ᠂ ᠲᠣᠣᠷ᠎ᠤᠨ ᠳᠣᠲᠣᠷ᠎ᠠ ᠮᠠᠡᠭᠬᠠᠨ᠎ᠤ ᠪᠤᠷᠭ᠋ᠠᠰᠤ᠂ ᠨᠢᠮᠪᠡᠭᠡ᠂ ᠵᠢᠭ᠋ᠠᠷᠲᠤ ᠨᠠᠷᠠᠰᠤ ᠵᠡᠷᠭᠡ ᠪᠤᠳᠠ ᠮᠣᠳᠣ᠂ ᠲᠤᠷᠤᠭ ᠮᠣᠳᠣᠨ᠎ᠤ  ᠴᠢᠬᠢ ᠰᠠᠭᠤᠯᠭ᠋ᠠᠪᠠ᠃
    ᠤᠳᠤᠭ᠎ᠤᠨ ᠡᠮᠦᠨᠡᠲᠦ ᠬᠣᠰᠢᠭᠤ᠎ᠨᠢ ᠥᠪᠥᠷ ᠮᠣᠩᠭᠣᠯ ᠱᠠᠨᠰᠢ ᠨᠢᠩᠰᠢᠶᠠ ᠭᠤᠷᠪᠠᠨ ᠮᠤᠵᠢ ᠣᠷᠣᠨ᠎ᠤ ᠠᠭᠤᠯᠵᠠᠷ᠎ᠲᠤ ᠪᠠᠢ᠌ᠷᠢᠯᠠᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠳᠡᠭᠡᠳᠦ ᠰᠠᠯᠬᠢᠨ᠎ᠤ ᠠᠮᠠᠨ᠎ᠳᠤ ᠪᠠᠢ᠌ᠷᠢᠰᠢᠳᠠᠭ᠃ ᠡᠨᠡ ᠵᠢᠯ᠎ᠤᠨ 3  ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ 《ᠣᠲᠣᠭ᠎ᠤᠨ ᠡᠮᠦᠨᠡᠲᠦ ᠬᠣᠰᠢᠭᠤᠨ᠎ᠤ 2024 ᠣᠨ᠎ᠤ ᠮᠤᠤᠠᠤᠰᠤ ᠵᠢᠨ ᠡᠯᠡᠰᠦᠷᠬᠡᠭ ᠭᠠᠵᠠᠷ᠎ᠢ ᠲᠥᠪᠯᠡᠷᠡᠭᠦᠯᠦᠨ ᠵᠠᠰᠠᠬᠤ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ (ᠠᠩᠬᠠᠨ᠎ᠤ ᠪᠦᠯᠦᠭ ᠲᠥᠷᠥᠯ ᠵᠦᠢ᠍ᠯ)》 ᠵᠢᠨ ᠬᠠᠮᠲᠤᠷᠠᠭᠰᠠᠨ ᠳᠠᠢ᠌ᠯᠠᠯᠳᠤᠭ᠋ᠠᠨ᠎ᠢ ᠪᠥᠬᠥ ᠲᠠᠯ᠎ᠠ᠎ᠪᠠᠷ ᠥᠷᠨᠢᠭᠦᠯᠵᠦ᠂ ᠬᠣᠰᠢᠭᠤᠨ᠎ᠤ ᠤᠳᠤᠷᠢᠳᠤᠯᠭ᠎ᠠ ᠲᠦᠷᠦᠭᠦᠯᠡᠨ ᠪᠥᠬᠥ ᠬᠣᠰᠢᠭᠤᠨ᠎ᠤ ᠨᠠᠮ ᠵᠠᠰᠠᠭ᠎ᠤᠨ ᠪᠠᠢ᠌ᠭᠤᠯᠤᠯᠭ᠎ᠠ ᠵᠢᠨ ᠺᠠᠳ᠋ᠷ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ᠂ ᠰᠣᠷᠣᠭᠴᠢ ᠵᠡᠷᠭᠡ ᠡᠯ᠎ᠡ ᠲᠠᠯ᠎ᠠ ᠵᠢᠨ ᠬᠥᠮᠥᠰ᠎ᠢ ᠵᠣᠬᠢᠶᠠᠨ ᠪᠠᠢ᠌ᠭᠤᠯᠵᠤ ᠬᠠᠮᠲᠤᠷᠠᠭᠰᠠᠨ ᠳᠠᠢ᠌ᠯᠠᠯᠳᠤᠭ᠋ᠠᠨ᠎ᠳᠤ ᠣᠷᠣᠯᠴᠠᠭᠤᠯᠪᠠ᠃
    ᠣᠲᠣᠭ᠎ᠤᠨ ᠡᠮᠦᠨᠡᠲᠦ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠸᠠᠩ ᠢᠦᠢ ᠴᠢᠶᠠᠩ᠄ 《ᠪᠥᠬᠥ ᠬᠣᠰᠢᠭᠤᠨ᠎ᠳᠤ ᠬᠠᠷᠠᠬᠠᠨ 70 ᠲᠦᠮᠡᠨ ᠮᠦ᠍ ᠨᠢᠴᠦᠭᠦᠨ ᠡᠯᠡᠰᠦᠷᠬᠡᠭ ᠭᠠᠵᠠᠷ᠎ᠢ ᠵᠠᠰᠠᠬᠤ ᠴᠢᠬᠤᠯᠠᠲᠠᠢ ᠪᠠᠢ᠌ᠨ᠎ᠠ᠂ 2024 ᠣᠨ᠎ᠳᠤ 25 ᠲᠦᠮᠡᠨ ᠮᠦ᠍ ᠭᠠᠵᠠᠷ᠎ᠢ ᠵᠠᠰᠠᠬᠤ᠎ᠪᠠᠷ ᠲᠥᠯᠥᠪᠯᠡᠵᠦ᠂ ᠦᠯᠡᠳᠡᠭᠰᠡᠨ ᠬᠡᠰᠡᠭ᠎ᠢ ᠵᠠᠰᠠᠬᠤ ᠠᠵᠢᠯ᠎ᠢ ᠲᠦᠷᠭᠡᠬᠡᠨ ᠪᠡᠶᠡᠯᠡᠭᠦᠯᠵᠦ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠬᠤ 〈ᠪᠡᠷᠬᠡ ᠠᠰᠠᠭᠤᠳᠠᠯ〉᠎ᠢ ᠴᠢᠷᠮᠠᠢ᠌ᠨ ᠰᠢᠢ᠍ᠳᠪᠦᠷᠢᠯᠡᠨ᠎ᠡ》 ᠭᠡᠵᠤ ᠶᠠᠷᠢᠵᠤ ᠪᠠᠢ᠌ᠯ᠎ᠠ᠃ 
    ᠲᠦᠩᠯᠢᠶᠣᠣ ᠬᠤᠲᠠ ᠵᠢᠨ ᠬᠣᠷᠴᠢᠨ ᠲᠣᠭᠣᠷᠢᠭ᠎ᠤᠨ ᠲᠠᠯᠠᠡᠭ ᠪᠠᠯᠭ᠋ᠠᠰᠤ (大林镇) ᠵᠢᠨ ᠪᠤᠷᠤ ᠬᠤᠳᠳᠤᠭ ᠭᠠᠴᠠᠭ᠎ᠠ (宝林嘎查) ᠵᠢᠨ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢ᠌ᠯᠡᠨ ᠵᠠᠰᠠᠬᠤ ᠵᠢᠱ᠌ᠢᠶ᠎ᠡ ᠦᠵᠡᠭᠦᠯᠬᠦ ᠲᠣᠭᠣᠷᠢᠭ᠎ᠲᠤ ᠡᠯᠡᠰᠦ ᠵᠠᠰᠠᠬᠤ ᠵᠠᠭᠤ ᠰᠢᠬᠠᠮ ᠠᠵᠢᠯᠴᠢᠨ ᠶᠡᠬᠡ ᠰᠠᠯᠬᠢᠨ᠎ᠢ ᠰᠥᠷᠴᠦ᠂ ᠡᠯᠡᠰᠦ ᠵᠠᠰᠠᠬᠤ ᠡᠮᠦᠨ᠎ᠡ ᠹᠷᠣᠨᠲ᠎ᠲᠤ ᠡᠷᠡᠯᠬᠡᠭᠯᠡᠨ ᠠᠵᠢᠯᠯᠠᠨ᠎ᠠ᠃  ᠲᠠᠯᠠᠡᠭ ᠪᠠᠯᠭ᠋ᠠᠰᠤᠨ᠎ᠤ ᠵᠸᠨ ᠲᠸᠤ ᠲᠣᠰᠬᠣᠨ ᠎ᠤ ᠠᠷᠠᠳ ᠶᠠᠩ ᠭᠤᠸᠠᠩ ᡁᠢ᠄ 《ᠬᠠᠪᠤᠷ᠎ᠤᠨ ᠡᠬᠢ᠎ᠪᠠᠷ ᠤᠯᠠᠨ ᠵᠶ᠋ᠠᠷ ᠵᠶ᠋ᠠᠨ ᠪᠡᠯᠡᠳᠬᠡᠵᠦ᠂ ᠤᠷᠴᠢᠮ᠎ᠳᠤ ᠵᠢᠭ᠋ᠠᠷᠲᠤ ᠨᠠᠷᠠᠰᠤ᠂  ᠬᠠᠢ᠌ᠯᠠᠰᠤ᠂ ᠴᠢᠴᠠᠷᠭ᠋ᠠᠨ᠎ᠠ ᠵᠡᠷᠭᠡ ᠭᠠᠩ᠎ᠳᠤ ᠲᠡᠰᠪᠦᠷᠢᠲᠡᠢ ᠮᠣᠳᠣᠨ᠎ᠤ ᠲᠦᠷᠦᠯ᠎ᠢ ᠲᠠᠷᠢᠵᠦ ᠪᠠᠢ᠌ᠨ᠎ᠠ》 ᠭᠡᠵᠦ ᠬᠡᠯᠡᠪᠡ᠃
    ᠬᠣᠷᠴᠢᠨ᠎ᠤ ᠡᠯᠡᠰᠦᠷᠬᠡᠭ ᠭᠠᠵᠠᠷ ᠥᠪᠥᠷ ᠮᠣᠩᠭᠣᠯ᠂ ᠭᠢᠷᠢᠨ ᠪᠣᠯᠣᠨ ᠯᠢᠶᠣᠤᠨᠢᠩ ᠭᠤᠷᠪᠠᠨ ᠮᠤᠵᠢ ᠣᠷᠣᠨ᠎ᠢ ᠰᠤᠨᠳᠠᠯᠠᠵᠤ᠂ ᠶᠡᠷᠦᠩᠬᠡᠢ ᠲᠠᠯᠠᠪᠠᠶ᠎ᠨᠢ 7760 ᠲᠦᠮᠡᠨ ᠮᠦ᠍᠂ ᠮᠠᠨ᠎ᠤ ᠤᠯᠤᠰ᠎ᠤᠨ ᠳᠥᠷᠪᠡᠨ ᠶᠡᠬᠡ ᠡᠯᠡᠰᠦᠷᠬᠡᠭ ᠭᠠᠵᠠᠷ᠎ᠤᠨ ᠳᠣᠲᠣᠷᠠᠬᠢ ᠲᠠᠯᠠᠪᠠᠶ᠎ᠪᠠᠷ ᠬᠠᠮᠤᠭ᠎ᠤᠨ ᠶᠡᠬᠡ᠎ᠨᠢ ᠶᠤᠮ᠃ ᠡᠭᠦᠨ᠎ᠳᠤ ᠲᠦᠩᠯᠢᠶᠣᠣ ᠬᠣᠲᠠ ᠵᠢᠨ ᠬᠡᠪᠴᠢᠶᠡᠨ᠎ᠳᠤ᠎ᠬᠢ ᠡᠯᠡᠰᠦᠷᠬᠡᠭ ᠭᠠᠵᠠᠷ᠎ᠨᠢ ᠬᠣᠷᠴᠢᠨ᠎ᠤ ᠡᠯᠡᠰᠦᠷᠬᠡᠭ ᠭᠠᠵᠠᠷ᠎ᠤᠨ ᠶᠡᠷᠦᠩᠬᠡᠢ ᠲᠠᠯᠠᠪᠠᠶ ᠵᠢᠨ 52.9% ᠵᠢ ᠡᠵᠡᠯᠡᠵᠦ᠂ ᠬᠣᠷᠴᠢᠨ᠎ᠤ ᠡᠯᠡᠰᠦᠷᠬᠡᠭ ᠭᠠᠵᠠᠷ᠎ᠤᠨ ᠨᠤᠭᠤᠭ᠋ᠠᠷᠠᠭᠤᠯᠬᠤ ᠲᠠᠢ᠌ᠯᠠᠯᠳᠤᠭ᠋ᠠᠨ᠎ᠤ ᠭᠣᠣᠯ ᠣᠷᠣᠨ ᠪᠣᠯᠣᠨ᠎ᠠ᠃ ᠲᠦᠡᠭᠯᠢᠶᠤᠤ ᠬᠣᠲᠠ ᠵᠢᠨ᠎ᠬᠢᠨ ᠦᠨᠤ ᠵᠢᠯ 400 ᠲᠦᠮᠡᠨ ᠮᠦ᠍ ᠡᠯᠡᠰᠦ ᠵᠢ ᠵᠠᠰᠠᠬᠤ᠎ᠪᠠᠷ ᠲᠥᠯᠥᠪᠯᠡᠵᠦ᠂  10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠲᠠᠭᠤᠰᠬᠠᠬᠤ᠎ᠪᠠᠷ ᠲᠦᠯᠦᠪᠯᠡᠵᠤ ᠪᠤᠢ᠃
   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠶᠦᠩ ᠴᠢᠤᠸᠠᠨ᠄ 《ᠬᠠᠪᠤᠷ᠎ᠤᠨ ᠠᠭᠤᠷ ᠣᠷᠣᠭᠰᠠᠨ᠎ᠤ ᠲᠠᠷᠠᠭ᠎ᠠ ᠡᠯ᠎ᠡ ᠭᠠᠵᠠᠷ᠎ᠤᠨ᠎ᠬᠢᠨ ᠦᠳᠲᠡᠷ ᠲᠦᠷᠭᠡᠨ ᠬᠥᠳᠡᠯᠦᠯᠴᠡᠵᠦ᠂ ᠤᠯᠠᠨ ᠵᠶ᠋ᠠᠷ ᠵᠶ᠋ᠠᠨ  ᠡᠳᠤᠷ ᠰᠦᠨᠢ ᠦᠬᠡᠢ ᠠᠵᠢᠯᠯᠠᠭ᠋ᠠᠳ ᠪᠠᠷᠠᠭᠤᠨ᠎ᠠᠴᠠ ᠵᠡᠭᠦᠨᠰᠢ᠂ ᠡᠮᠦᠨ᠎ᠡ᠎ᠠᠴᠠ ᠤᠮᠠᠷᠠᠰᠢ ᠡᠯᠡᠰᠦᠷᠬᠡᠭᠵᠢᠬᠦ ᠵᠢ ᠰᠡᠷᠭᠡᠢ᠌ᠯᠡᠵᠦ ᠵᠠᠰᠠᠬᠤ ᠶᠡᠬᠡ ᠳᠠᠢ᠌ᠯᠠᠯᠳᠤᠭ᠋ᠠᠨ᠎ᠢ ᠠᠬᠢᠭᠤᠯᠵᠤ᠂ ᠪᠦᠬᠦ ᠵᠢᠯ᠎ᠳᠤ ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠡᠭᠦᠷᠭᠡ ᠵᠢ 1500 ᠲᠦᠮᠡᠨ ᠮᠦ᠍᠎ᠠᠴᠠ ᠳᠡᠭᠡᠭᠰᠢ ᠴᠢᠨᠠᠷᠵᠢᠭᠤᠨ ᠪᠡᠶᠡᠯᠡᠭᠦᠯᠬᠦ᠎ᠪᠠᠷ ᠲᠥᠯᠥᠪᠯᠡᠵᠦ ᠪᠠᠢ᠌ᠨ᠎ᠠ》 ᠭᠡᠵᠦ ᠬᠡᠯᠡᠪᠡ᠃

   ᠡᠯᠡᠰᠦᠨ ᠲᠠᠯᠠᠢ ᠵᠢ 《ᠨᠤᠮᠢᠨ ᠨᠤᠭᠤᠭ᠋ᠠᠨ ᠲᠠᠯᠠᠢ》 ᠪᠣᠯᠭ᠋ᠠᠬᠤ᠎ᠪᠠᠷ ᠲᠠᠡᠭᠭ᠋ᠠᠷᠢᠬᠯᠠᠪᠠ

    ᠰᠢᠷᠭ᠋ᠠᠯ ᠡᠯᠡᠰᠦᠨ᠎ᠤ ᠲᠤᠮᠳᠠᠬᠢ ᠮᠥᠩᠭᠥᠨ ᠭᠡᠷᠡᠯ ᠰᠠᠴᠤᠷᠠᠭᠰᠠᠨ ᠮᠥᠷ ᠮᠥᠷ ᠪᠣᠯᠣᠳ ᠵᠢᠶᠠᠰᠠ ᠬᠥᠮᠥᠰ᠎ᠤᠨ ᠠᠩᠬᠠᠷᠤᠯ᠎ᠢ ᠣᠨᠴᠠ  ᠲᠠᠳᠠᠨ᠎ᠠ᠂ ᠠᠵᠢᠯᠴᠢᠨ᠂ ᠪᠠᠷᠢᠯᠭ᠎ᠠ ᠵᠢᠨ ᠮᠠᠰᠢᠨ ᠲᠡᠷᠭᠡ ᠰᠦᠯᠵᠢᠯᠳᠦᠵᠦ᠂ ᠬᠡᠷᠡᠯ ᠴᠡᠨᠡᠭ᠎ᠤᠨ ᠬᠠᠪᠲᠠᠰᠤ ᠵᠢ  ᠲᠡᠬᠡᠬᠡᠪᠤᠷᠢᠯᠡᠨ᠂ ᠤᠭᠰᠠᠷᠠᠬᠤ᠎ᠪᠠᠷ ᠶᠠᠭ᠋ᠠᠷᠠᠯᠳᠤᠵᠤ ᠪᠠᠢ᠌ᠯ᠎ᠠ ᠁ ᠣᠳᠣᠬᠠᠨ᠎ᠳᠤ᠂ ᠤᠯᠠᠭ᠋ᠠᠨᠪᠤᠬ᠎ᠠ ᠵᠢᠨ ᠡᠯᠡᠰᠦᠨ ᠴᠦᠯ᠎ᠤᠨ 85 ᠲᠦᠮᠡᠨ ᠺᠢᠯᠣᠸᠠᠲ᠎ᠤᠨ 《ᠬᠡᠷᠡᠯ ᠴᠡᠨᠡᠭ + ᠠᠮᠢ ᠠᠬᠤᠢ ᠵᠢᠨ ᠵᠠᠰᠠᠯᠲᠠ》 ᠵᠢᠨ ᠲᠦᠷᠦᠯ ᠵᠦᠢ᠍ᠯ᠎ᠢ ᠶᠠᠭ ᠱᠠᠯᠠᠪᠳᠠᠨ ᠪᠠᠢ᠌ᠭᠤᠯᠵᠤ ᠪᠤᠢ᠃
     ᠲᠤᠬᠠᠢ ᠵᠢᠨ ᠲᠠᠯᠠᠪᠤᠷ᠎ᠤᠨ ᠮᠡᠷᠭᠡᠵᠢᠯ᠎ᠤᠨ ᠠᠵᠢᠯᠲᠠᠨ᠄ 《ᠭᠡᠷᠡᠯ ᠴᠡᠨᠡᠭ᠎ᠤᠨ ᠬᠠᠪᠲᠠᠰᠤ᠎ᠨᠢ ᠬᠡᠷᠡᠯ᠎ᠢ ᠬᠠᠯᠬᠠᠯᠠᠵᠤ᠂ ᠤᠰᠤᠨ᠎ᠤ ᠠᠭᠤᠷᠰᠢᠯᠲᠠ ᠵᠢ ᠪᠠᠭ᠋ᠠᠰᠬᠠᠵᠤ ᠴᠢᠳᠠᠨ᠎ᠠ᠃ ᠬᠠᠪᠲᠠᠰᠤᠨ ᠵᠠᠪᠰᠠᠷ᠎ᠲᠤ ᠨᠤᠲᠤᠭ᠎ᠤᠨ ᠡᠪᠡᠰᠦ ᠪᠠ ᠵᠢᠮᠢᠰ᠎ᠤᠨ ᠮᠣᠳᠣ ᠲᠠᠷᠢᠪᠠᠯ ᠡᠯᠡᠰᠦ ᠵᠢ ᠲᠣᠭᠲᠠᠪᠤᠷᠢᠵᠢᠭᠤᠯᠵᠤ ᠴᠢᠳᠠᠬᠤ ᠮᠥᠷᠲᠡᠭᠡᠨ ᠮᠠᠯ᠎ᠤᠨ ᠪᠣᠷᠳᠣᠭ᠎ᠠ ᠪᠠ ᠡᠮ᠎ᠤᠨ ᠮᠠᠲ᠋ᠧᠷᠢᠶᠠᠯ ᠪᠠ ᠵᠢᠮᠢᠰ ᠲᠠᠷᠢᠵᠤ ᠪᠤᠯᠤᠨ᠎ᠠ᠃ ᠤᠯᠠᠭ᠋ᠠᠨᠪᠤᠬ᠎ᠠ ᠡᠯᠡᠰᠦᠨ ᠴᠦᠯ᠎ᠤᠨ 85 ᠲᠦᠮᠡᠨ ᠺᠢᠯᠣᠸᠠᠲ᠎ᠤᠨ 《ᠬᠡᠷᠡᠯ ᠴᠡᠨᠡᠭ + ᠠᠮᠢ ᠠᠬᠤᠢ ᠵᠢᠨ ᠵᠠᠰᠠᠯᠲᠠ》 ᠵᠢᠨ ᠲᠥᠷᠥᠯ ᠵᠦᠢ᠍ᠯ᠎ᠤᠨ ᠬᠡᠷᠡᠯ ᠴᠡᠨᠡᠭ᠎ᠤᠨ ᠬᠠᠪᠲᠠᠰᠤᠨ᠎ᠤ ᠬᠣᠭᠣᠷᠣᠨᠳᠣᠬᠢ ᠵᠠᠢ᠎ᠨᠢ 12 ᠮᠧᠲᠷ᠂ ᠬᠠᠪᠲᠠᠰᠤᠨ᠎ᠤ ᠳᠣᠣᠷᠠᠬᠢ ᠥᠨᠳᠥᠷ᠎ᠨᠢ 1.8 ᠮᠧᠲᠷ ᠪᠤᠯᠬᠤᠷ ᠡᠨᠡ ᠵᠠᠢ᠎ᠳᠤ ᠪᠣᠳᠠ ᠮᠣᠳᠣ᠂ ᠡᠪᠡᠰᠦ ᠵᠡᠷᠭᠡ  ᠭᠠᠩ᠎ᠳᠤ ᠲᠡᠰᠪᠦᠷᠢᠲᠡᠢ ᠤᠷᠭᠤᠮᠠᠯ᠎ᠢ ᠳᠠᠷᠢᠬᠤ ᠵᠢᠨ ᠬᠠᠮᠲᠤ ᠡᠭᠦᠨ᠎ᠤ ᠰᠠᠭᠤᠷᠢᠨ ᠳᠡᠭᠡᠷ᠎ᠡ ᠴᠠᠭ᠋ᠠᠨ ᠭᠣᠶᠣᠣ ᠵᠡᠷᠭᠡ ᠣᠨᠴᠠᠯᠢᠭᠲᠤ ᠲᠠᠷᠢᠮᠠᠯ᠂ ᠲᠡᠵᠢᠭᠡᠨ ᠦᠷᠡᠵᠢᠭᠦᠯᠬᠦ ᠲᠥᠷᠥᠯ ᠵᠦᠢ᠍ᠯ᠎ᠢ ᠬᠥᠭᠵᠢᠭᠦᠯᠵᠦ᠂ ᠡᠭᠦᠨ᠎ᠤ ᠤᠯᠠᠮ ᠵᠶ᠋ᠠᠷ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠂ ᠰᠢᠨ᠎ᠡ ᠡᠨᠧᠷᠭᠢ ᠵᠢᠨ ᠨᠡᠭᠡᠭᠡᠯᠲᠡ᠂ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠬᠠᠮᠲᠤ ᠵᠢᠨ ᠠᠰᠢᠭ᠎ᠢ ᠬᠦᠷᠳᠡᠬᠦ ᠪᠤᠯᠤᠨ᠎ᠠ》 ᠭᠡᠵᠤ ᠶᠠᠷᠢᠵᠤ ᠪᠠᠢ᠌ᠯ᠎ᠠ᠃
    ᠡᠯᠡᠰᠦᠨ ᠴᠥᠯ᠂ ᠡᠯᠡᠰᠦᠷᠬᠡᠭ ᠭᠠᠵᠠᠷ᠎ᠤᠨ ᠭᠠᠵᠠᠷ ᠠᠭᠤᠳᠠᠮ ᠬᠥᠮᠥᠨ ᠴᠥᠭᠡᠨ᠂ ᠯᠤᠲᠤ ᠶᠡᠬᠡ ᠰᠠᠯᠬᠢᠨ᠎ᠤ ᠡᠨᠧᠷᠭᠢ᠂ ᠨᠡᠷᠡᠨ᠎ᠤ ᠡᠨᠧᠷᠭᠢ ᠵᠢᠨ ᠡᠬᠢ ᠪᠠᠶᠠᠯᠢᠭ᠎ᠤᠨ ᠬᠠᠳᠠᠭ᠋ᠠᠯᠠᠬᠳᠠᠴᠨ᠎ᠲᠠᠢ ᠪᠠᠢ᠌ᠳᠠᠭ᠃ ᠰᠢᠨ᠎ᠡ ᠪᠠᠢ᠌ᠳᠠᠯ ᠳᠣᠣᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ᠎ᠬᠢᠨ 《ᠥᠭᠡᠷᠡᠴᠢᠯᠡᠯᠲᠡ ᠵᠢᠨ ᠰᠡᠳᠬᠢᠴᠡ》᠎ᠪᠠᠷ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠵᠢ ᠰᠢᠰᠲᠸᠮ᠎ᠲᠠᠢ ᠠᠬᠢᠭᠤᠯᠵᠤ᠂ 《ᠡᠯᠡᠰᠦ ᠵᠢ ᠵᠠᠰᠠᠬᠤ᠎ᠠᠴᠠ ᠡᠯᠡᠰᠦ ᠵᠢ ᠵᠠᠰᠠᠬᠤ ᠵᠢ ᠦᠵᠡᠬᠦᠯᠬᠦ》 ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠡᠯᠡᠰᠦ ᠵᠢ ᠰᠡᠷᠭᠡᠢ᠌ᠯᠡᠵᠦ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠰᠢᠨ᠎ᠡ ᠡᠨᠧᠷᠭᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠬᠤ᠎ᠪᠠᠷ ᠴᠢᠷᠮᠠᠢ᠌ᠵᠤ᠂ ᠨᠣᠭᠣᠭ᠋ᠠᠷᠠᠭᠤᠯᠤᠯᠲᠠ ᠵᠢ ᠨᠡᠮᠡᠭᠳᠡᠭᠦᠯᠭ᠊ ᠊ᠤ᠋᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《1+1>2》᠎ᠤᠨ ᠦᠷ᠎ᠡ ᠪᠦᠲᠦᠮᠵᠢ ᠵᠢ ᠣᠯᠬᠤ ᠬᠡᠷᠡᠭᠲᠡᠢ ᠭᠡᠵᠦ ᠳᠤᠷᠠᠳᠴᠠᠢ᠃
    ᠤᠯᠠᠭ᠋ᠠᠨᠪᠤᠬ᠎ᠠ ᠡᠯᠡᠰᠦᠨ ᠴᠦᠯ᠎ᠤᠨ ᠶᠡᠷᠦᠩᠬᠡᠢ ᠲᠠᠯᠠᠪᠠᠢ 1500 ᠭᠠᠷᠤᠢ ᠲᠦᠮᠡᠨ ᠮᠦ᠍᠎ᠳᠤ ᠬᠦᠷᠴᠡᠢ᠃ ᠲᠠᠨᠢᠯᠴᠠᠭᠤᠯᠤᠭᠰᠠᠨ ᠵᠶ᠋ᠠᠷ ᠤᠯᠠᠭ᠋ᠠᠨᠪᠤᠬ᠎ᠠ ᠵᠢᠨ ᠡᠯᠡᠰᠦᠨ ᠴᠦᠯ᠎ᠢ ᠵᠠᠰᠠᠬᠤ᠎ᠳᠤ 《ᠬᠠᠪᠲᠠᠰᠤᠨ᠎ᠤ ᠳᠡᠭᠡᠷ᠎ᠡ ᠴᠠᠬᠢᠯᠭ᠋ᠠᠨ ᠭᠠᠷᠭ᠋ᠠᠬᠤ᠂ ᠬᠠᠪᠲᠠᠰᠤᠨ᠎ᠤ ᠳᠣᠣᠷ᠎ᠠ ᠲᠠᠷᠢᠬᠤ᠂ ᠡᠯᠡᠰᠦ ᠵᠢ ᠵᠠᠰᠠᠵᠤ ᠬᠥᠷᠥᠰᠥ ᠵᠢ ᠥᠭᠡᠷᠡᠴᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠠᠢ᠌ᠴᠢᠯᠠᠬᠤ》 ᠳᠥᠷᠪᠡ ᠵᠢ ᠨᠢᠭᠡ ᠴᠣᠭᠴᠠᠵᠢᠭᠤᠯᠤᠭᠰᠠᠨ ᠠᠵᠤ ᠦᠢ᠍ᠯᠡᠰ᠎ᠤᠨ  ᠬᠦᠭᠵᠢᠬᠦᠯᠤᠯᠳᠡ ᠵᠢᠨ ᠵᠠᠭᠪᠤᠷ᠎ᠢ ᠶᠡᠬᠡ ᠬᠡᠪᠴᠢᠶ᠎ᠡ᠎ᠪᠠᠷ ᠬᠡᠷᠡᠭᠯᠡᠵᠦ᠂ ᠡᠯᠡᠰᠦᠨ ᠲᠠᠯᠠᠢ ᠵᠢ 《ᠨᠣᠭᠣᠭ᠋ᠠᠨ ᠲᠠᠯᠠᠢ》 ᠪᠠ ᠰᠢᠨ᠎ᠡ ᠡᠨᠧᠷᠭᠢ ᠵᠢᠨ 《  ᠨᠤᠮᠢᠨ ᠲᠠᠯᠠᠢ》 ᠪᠣᠯᠭ᠋ᠠᠬᠤ᠎ᠪᠠᠷ ᠴᠢᠷᠮᠠᠢ᠌ᠵᠤ ᠪᠠᠢ᠌ᠭ᠎ᠠ ᠶᠤᠮ ᠪᠠᠢ᠌ᠨ᠎ᠠ᠃
    ᠠᠯᠠᠱ᠌ᠠ ᠠᠢ᠌ᠮᠠᠭ᠎ᠤᠨ ᠲᠡᠭᠷᠢ ᠡᠯᠡᠰᠦᠨ ᠴᠦᠯ᠎ᠤᠨ 1220 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠲᠦᠷᠦᠯ ᠵᠦᠢ᠍ᠯ᠎ᠤᠨ ᠨᠢᠭᠡᠳᠦᠭᠡᠷ᠂ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠠᠵᠢᠯ᠎ᠤᠨ ᠲᠤᠬᠠᠢ ᠵᠢᠨ ᠲᠠᠯᠠᠪᠠᠢ᠎ᠳᠤ ᠰᠤᠷᠪᠤᠯᠵᠢᠯᠠᠭᠴᠢ ᠵᠠᠭᠤ ᠭᠠᠷᠤᠢ ᠰᠢᠷᠣᠢ ᠲᠦᠯᠬᠢᠬᠦ ᠮᠠᠰᠢᠨ᠂ ᠡᠷᠭᠦᠭᠦᠷ ᠮᠠᠰᠢᠨ ᠵᠡᠷᠭᠡ ᠮᠠᠰᠢᠨ ᠲᠥᠬᠦᠭᠡᠷᠦᠮᠵᠢ ᠵᠢ ᠱᠠᠯᠠᠪᠳᠠᠨ ᠠᠵᠢᠯᠯᠠᠭᠤᠯᠵᠤ ᠪᠠᠢ᠌ᠯ᠎ᠠ᠃ ᠥᠪᠥᠷ ᠮᠣᠩᠭᠣᠯ᠎ᠤᠨ ᠤᠮᠠᠷᠠᠳᠤ ᠵᠢᠨ ᠴᠠᠬᠢᠯᠭ᠋ᠠᠨ ᠦᠢ᠍ᠯᠡᠰ᠎ᠤᠨ 《ᠲᠡᠭᠷᠢ》 ᠡᠨᠧᠷᠭᠢ ᠵᠢᠨ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠠᠨ ᠮᠦ᠍ ᠨᠢᠩ᠄ 《ᠡᠨᠡ ᠵᠢᠯ 200 ᠲᠦᠮᠡᠨ ᠺᠢᠯᠣᠸᠠᠲ᠎ᠤᠨ ᠬᠡᠷᠡᠯ ᠴᠡᠨᠡᠭ᠎ᠤᠨ ᠲᠥᠷᠥᠯ ᠵᠦᠢ᠍ᠯ᠎ᠢ ᠬᠣᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠬᠦ᠎ᠪᠠᠷ ᠲᠥᠯᠥᠪᠯᠡᠵᠦ ᠪᠠᠢ᠌ᠨ᠎ᠠ᠂ ᠡᠪᠡᠰᠦᠨ ᠳᠥᠷᠪᠡᠯᠵᠢ ᠳᠡᠪᠢᠰᠬᠦ᠂  ᠡᠪᠡᠰᠤ ᠳᠠᠷᠢᠬᠤ ᠵᠡᠷᠭᠡ ᠠᠷᠭ᠎ᠠ᠎ᠲᠠᠢ ᠤᠶᠠᠯᠳᠤᠭᠤᠯᠤᠨ᠂ ᠰᠠᠭᠤᠷᠢᠨ ᠭᠠᠵᠠᠷ᠎ᠢ ᠪᠠᠢ᠌ᠭᠤᠯᠤᠭᠰᠠᠨ᠎ᠤ ᠳᠠᠷᠠᠭ᠎ᠠ ᠵᠢᠯ ᠪᠦᠷᠢ ᠳ᠋ᠦᠩᠰᠢᠭᠤᠷ ᠭᠠᠷᠤᠢ ᠺᠢᠯᠣᠸᠠᠲ ᠴᠠᠭ᠎ᠤᠨ ᠪᠣᠬᠢᠷᠲᠤᠯ ᠦᠭᠡᠢ ᠡᠨᠧᠷᠭᠢ ᠵᠢᠨ ᠰᠤᠷᠪᠤᠯᠵᠢ ᠵᠢ ᠭᠠᠳᠠᠭᠰᠢ ᠭᠠᠷᠭ᠋ᠠᠬᠤ᠎ᠠᠴᠠ ᠭᠠᠳᠠᠨ᠎ᠠ ᠪᠠᠰᠠ 5 ᠲᠦᠮᠡᠨ ᠮᠦ᠍ ᠡᠯᠡᠰᠦ ᠵᠢ ᠲᠣᠭᠲᠠᠪᠤᠷᠢᠵᠢᠭᠤᠯᠵᠤ ᠴᠢᠳᠠᠨ᠎ᠠ》 ᠭᠡᠵᠤ ᠶᠠᠷᠢᠬᠰᠠᠨ ᠪᠠᠢ᠌ᠨ᠎ᠠ᠃
    ᠬᠠᠲᠤᠨ ᠭᠣᠣᠯ᠎ᠤᠨ 《ᠬᠡᠳᠦᠨ ᠨᠤᠭᠤᠯᠤᠭ᠎ᠠ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠠ ᠬᠠᠲᠤᠨ ᠭᠣᠣᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠥᠯ᠎ᠢ ᠬᠣᠷᠢᠭᠯᠠᠨ ᠴᠣᠬᠢᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠵᠢᠨ ᠲᠥᠯᠥᠭᠡ ᠠᠯᠠᠱ᠌ᠠ ᠠᠢ᠌ᠮᠠᠭ᠎ᠤᠨ᠎ᠬᠢᠨ ᠡᠯᠡᠰᠦ ᠵᠢ ᠰᠡᠷᠭᠡᠢ᠌ᠯᠡᠵᠦ ᠵᠠᠰᠠᠬᠤ ᠪᠠ ᠰᠠᠯᠬᠢᠨ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ 2750 ᠲᠦᠮᠡᠨ ᠺᠢᠯᠣᠸᠠᠲ᠎ᠤᠨ ᠴᠡᠪᠡᠷ ᠡᠨᠧᠷᠭᠢ ᠵᠢᠨ ᠮᠠᠰᠢᠨ ᠴᠣᠭᠴᠠᠯᠠᠪᠤᠷᠢ ᠵᠢ ᠲᠥᠯᠥᠪᠵᠢᠭᠦᠯᠵᠦ᠂ 288.4 ᠲᠦᠮᠡᠨ ᠮᠦ᠍ ᠡᠯᠡᠰᠦᠨ ᠴᠥᠯ᠎ᠢ ᠤᠷᠢᠳ ᠵᠶ᠋ᠡᠷ ᠭᠣᠣᠯᠳᠠᠯᠭ᠎ᠠ᠎ᠲᠠᠢ ᠵᠠᠰᠠᠪᠠ᠃ ᠡᠨᠡ ᠵᠢᠯ᠎ᠤᠨ 3 ᠳ᠋ᠤᠭ᠋ᠠᠷ ᠰᠠᠷ᠎ᠠ᠎ᠠᠴᠠ ᠨᠠᠭ᠋ᠠᠰᠢ ᠣᠷᠳᠣᠰ ᠬᠣᠲᠠ ᠵᠢᠨ ᠡᠯᠡᠰᠦ ᠵᠢ ᠰᠡᠷᠭᠡᠢ᠌ᠯᠡᠵᠦ ᠵᠠᠰᠠᠬᠤ ᠰᠠᠯᠬᠢᠨ ᠴᠠᠬᠢᠯᠭ᠋ᠠᠨ᠎ᠤ ᠬᠡᠷᠡᠯ ᠴᠡᠨᠡᠭ᠎ᠢ ᠨᠢᠭᠡ ᠴᠣᠭᠴᠠᠵᠢᠭᠤᠯᠬᠤ 《ᠬᠡᠷᠡᠯ ᠴᠡᠨᠡᠭ᠎ᠤᠨ ᠣᠷᠳᠣ ᠴᠠᠭ᠋ᠠᠨ ᠬᠡᠷᠡᠮ》᠎ᠤᠨ ᠢᠨᠵᠧᠨᠧᠷᠢᠩ᠎ᠳᠤ ᠣᠷᠣᠭᠤᠯᠤᠭᠰᠠᠨ 26 ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠴᠦ᠍ ᠵᠠᠯᠭ᠋ᠠᠭ᠎ᠠ᠎ᠪᠠᠷ ᠡᠬᠢᠯᠡᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ᠎ᠨᠢ 2024 ᠲᠦᠮᠡᠨ ᠺᠢᠯᠣᠸᠠᠲ᠎ᠲᠤ ᠬᠦᠷᠴᠦ᠂ ᠵᠢᠯ᠎ᠤᠨ ᠳᠣᠲᠣᠷ᠎ᠠ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠲᠠᠯᠠᠪᠠᠶ ᠵᠢ 195 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠬᠦ ᠪᠣᠯᠣᠨ᠎ᠠ᠃
   ᠣᠷᠳᠣᠰ ᠬᠣᠲᠠ ᠵᠢᠨ ᠳᠡᠳ᠋ ᠳᠠᠷᠤᠭ᠎ᠠ ᠡᠷᠳᠡᠨᠢᠪᠢᠯᠢᠭ᠄ 《ᠣᠷᠳᠣᠰ ᠬᠣᠲᠠ ᠠᠮᠢ ᠠᠬᠤᠢ ᠵᠢᠨ ᠬᠠᠮᠠᠭ᠋ᠠᠯᠠᠯᠲᠠ ᠪᠠ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ ᠵᠢ ᠨᠢᠭᠡᠳᠦᠯᠲᠡᠢ ᠲᠥᠯᠥᠪᠯᠡᠵᠦ᠂ ᠬᠥᠪᠴᠢ ᠵᠢᠨ ᠡᠯᠡᠰᠤᠨ᠎ᠤ ᠬᠣᠢ᠌ᠲᠤ ᠵᠠᠬ᠎ᠠ ᠵᠢᠨ ᠪᠢᠲᠡᠭᠦᠦ ᠤᠢ ᠵᠢᠨ ᠪᠦᠰᠡ᠂ ᠬᠥᠪᠴᠢ ᠵᠢᠨ ᠡᠯᠡᠰᠤᠨ᠎ᠤ ᠳᠣᠲᠣᠷ᠎ᠠ ᠭᠠᠵᠠᠷ᠎ᠤᠨ ᠰᠠᠯᠬᠢ ᠡᠯᠡᠰᠦᠨ᠎ᠤ ᠵᠠᠮ᠎ᠤᠨ ᠬᠣᠷᠢᠭᠯᠠᠯᠲᠠ ᠵᠢᠨ ᠪᠦᠰᠡ᠂ ᠮᠤᠤᠠᠤᠰᠤ ᠵᠢᠨ ᠳᠡᠭᠡᠳᠦ ᠰᠠᠯᠬᠢᠨ᠎ᠤ ᠠᠮᠠᠰᠠᠷ᠎ᠤᠨ ᠬᠣᠷᠢᠭᠯᠠᠯᠲᠠ ᠵᠢᠨ ᠪᠦᠰᠡ᠂ ᠳᠣᠣᠷᠠᠳᠤ ᠲᠠᠯ᠎ᠠ ᠵᠢᠨ ᠰᠠᠯᠬᠢᠨ᠎ᠤ  ᠠᠮᠨ ᠵᠢᠨ ᠬᠣᠷᠢᠭᠯᠠᠯᠲᠠ ᠵᠢᠨ ᠪᠦᠰᠡ ᠪᠠ ᠬᠥᠪᠴᠢ ᠵᠢᠨ ᠡᠯᠡᠰᠦᠨ ᠴᠦᠯ᠎ᠤᠨ 《ᠭᠡᠷᠡᠯ ᠴᠡᠨᠡᠭ᠎ᠤᠨ ᠤᠷᠳᠤ ᠴᠠᠭ᠋ᠠᠨ ᠬᠡᠷᠡᠮ》᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠰᠠᠯᠬᠢᠨ ᠴᠠᠬᠢᠯᠭ᠋ᠠᠨ᠎ᠤ ᠭᠡᠷᠡᠯ ᠴᠡᠨᠡᠭ᠎ᠤᠨ 《ᠨᠢᠭᠡ ᠬᠣᠩᠭᠢᠯ ᠤᠯᠠᠨ ᠴᠡᠭ》 ᠵᠡᠷᠭᠡ ᠪᠡᠯᠭᠡ ᠲᠡᠮᠳᠡᠭᠴᠢ ᠢᠨᠵᠧᠨᠧᠷᠢᠩ᠎ᠢ ᠲᠥᠪᠯᠡᠷᠡᠭᠦᠯᠦᠨ ᠬᠡᠰᠡᠭᠯᠡᠨ ᠪᠠᠢ᠌ᠭᠤᠯᠵᠤ᠂ ᠪᠦᠬᠦ ᠵᠢᠯ᠎ᠳᠤ ᠡᠯᠡᠰᠦᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ 500 ᠲᠦᠮᠡᠨ ᠮᠦ᠍ ᠵᠢ ᠪᠡᠶᠡᠯᠡᠭᠦᠯᠬᠦ᠎ᠪᠠᠷ ᠲᠦᠯᠦᠪᠯᠡᠵᠤ ᠪᠠᠢ᠌ᠨ᠎ᠠ》 ᠭᠡᠵᠤ ᠶᠠᠷᠢᠪᠠ᠃
     《ᠡᠯᠡᠰᠦ ᠵᠢ ᠰᠡᠷᠭᠡᠢ᠌ᠯᠡᠵᠦ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠰᠢᠨ᠎ᠡ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠬᠦ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠪᠦᠬᠡᠳ ᠮᠥᠨ ᠴᠦ᠍ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠣᠳᠣᠬᠠᠨ᠎ᠤ ᠡᠯᠡᠰᠦ ᠵᠢ ᠰᠡᠷᠭᠡᠢ᠌ᠯᠡᠵᠦ ᠵᠠᠰᠠᠬᠤ ᠵᠢ ᠠᠬᠢᠭᠤᠯᠬᠤ ᠬᠠᠷᠢᠭᠤᠴᠠᠯᠭ᠎ᠠ ᠪᠠ ᠡᠭᠦᠷᠭᠡ ᠪᠣᠯᠣᠨ᠎ᠠ᠃ ᠣᠷᠣᠨ ᠲᠠᠶᠠᠭ᠋ᠠᠷ ᠵᠶ᠋ᠠᠨ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠪᠦᠬᠦ ᠲᠠᠯ᠎ᠠ᠎ᠪᠠᠷ ᠬᠥᠳᠡᠯᠦᠯᠴᠡᠵᠦ᠂ ᠴᠢᠷᠮᠠᠢ᠌ᠨ ᠠᠵᠢᠯᠯᠠᠵᠠᠭ᠋ᠠᠶ᠎ᠠ》 ᠭᠡᠵᠦ ᠴᠧᠨ ᠶᠦᠩ ᠴᠢᠤᠸᠠᠨ ᠬᠡᠯᠡᠪᠡ᠃
 

   (5 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》 ᠲᠡᠬᠡᠷ᠎ᠡ  ᠨᠡᠢ᠌ᠳᠡᠯᠡᠭᠳᠡᠪᠡ)



 

 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠬᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ
ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠴᠠᠭ ᠠᠭᠤᠷ᠎ᠤᠨ ᠬᠡᠲᠦ ᠪᠤᠳᠤᠯᠳᠠ ᠵᠢᠨ ᠲᠥᠪ (ᠬᠣᠷᠢᠨᠭᠡᠷ) ᠫᠠᠢ᠌ᠰᠠ ᠡᠯᠬᠦᠵᠤ ᠠᠵᠢᠯᠯᠠᠵᠤ ᠡᠬᠢᠯᠡᠪᠡ
ᠮᠠᠨ᠎ᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠪᠠ
ᠮᠠᠨ᠎ᠤ ᠤᠷᠤᠨ ᠲᠤᠰᠬᠠᠢ ᠪᠡᠯᠡ ᠮᠥᠩᠭᠥ 5000 ᠲᠦᠮᠡᠨ ᠲᠥᠭᠥᠷᠢᠭ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠪᠠ
ᠪᠦᠬᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠬᠣᠶᠠᠷ — ᠠᠩᠬ᠎ᠠ ᠤᠳᠠᠭ᠎ᠠ ᠰᠢᠰᠲ᠋ᠧᠮ᠎ᠲᠠᠢ ᠪᠠᠢ᠌ᠷᠢᠯᠠᠭᠤᠯᠪᠠ! ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ᠎ᠤ ᠰᠠᠨᠠᠯ ᠲᠠᠷᠤᠮᠠᠯᠯᠠᠨ ᠲᠠᠷᠬᠠᠭ᠋ᠠᠪᠠ
 
            