ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠴᠠᠭ ᠠᠭᠤᠷ᠎ᠤᠨ ᠬᠡᠲᠦ ᠪᠤᠳᠤᠯᠳᠠ ᠵᠢᠨ ᠲᠥᠪ (ᠬᠣᠷᠢᠨᠭᠡᠷ) ᠫᠠᠢ᠌ᠰᠠ ᠡᠯᠬᠦᠵᠤ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄ 2024-05-21

ᠴᠧᠨ ᠵᠧᠨ ᠯᠢᠨ᠂ ᠪᠤᠤ ᠭᠠᠡᠭ᠂ ᠳᠠᠢ᠍ᠢ᠍ᠴᠢᠨ ᠨᠠᠷ ᠶᠤᠰᠤᠯᠠᠯ᠎ᠳᠤ ᠤᠷᠤᠯᠴᠠᠵᠠᠢ

   

     ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠴᠠᠭ ᠠᠭᠤᠷ᠎ᠤᠨ ᠬᠡᠲᠦ ᠪᠤᠳᠤᠯᠳᠠ ᠵᠢᠨ ᠲᠥᠪ (ᠬᠣᠷᠢᠨᠭᠡᠷ) ᠫᠠᠢ᠌ᠰᠠ ᠡᠯᠬᠦᠵᠤ ᠠᠰᠢᠭᠯᠠᠯᠲᠠ᠎ᠳᠤ ᠣᠷᠣᠪᠠ᠃
   ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠧᠨ ᠵᠧᠨ ᠯᠢᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠤᠤ ᠭᠠᠡᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠲᠠᠢ᠌ᠴᠢᠨ ᠨᠠᠷ ᠶᠤᠰᠤᠯᠠᠯ᠎ᠳᠤ ᠣᠷᠣᠯᠴᠠᠪᠠ᠃
    ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠴᠠᠭ ᠠᠭᠤᠷ᠎ᠤᠨ ᠬᠡᠲᠦ  ᠪᠤᠳᠤᠯᠳᠠ ᠵᠢᠨ ᠲᠥᠪ (ᠬᠣᠷᠢᠨᠭᠡᠷ)᠎ᠤᠨ ᠲᠥᠷᠥᠯ ᠵᠦᠢ᠍ᠯ᠎ᠨᠢ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠤᠨ ᠣᠶᠤᠨᠴᠢ ᠦᠢ᠍ᠯᠡᠳᠬᠦ ᠠᠵᠤ ᠦᠢ᠍ᠯᠡᠰ᠎ᠤᠨ ᠬᠦᠷᠢᠶᠡᠯᠡᠩ᠎ᠳᠤ ᠪᠠᠢ᠌ᠷᠢᠯᠠᠵᠤ᠂ 《ᠵᠡᠭᠦᠨ᠎ᠤ ᠲᠣᠭ᠎ᠠ ᠵᠢ ᠪᠠᠷᠠᠭᠤᠨᠳᠠᠢ ᠪᠤᠳᠤᠬᠤ》 ᠥᠪᠥᠷ ᠮᠣᠩᠭᠣᠯ᠎ᠤᠨ ᠬᠦᠢ᠍ᠰᠦ ᠬᠣᠷᠢᠨᠭᠡᠷ ᠳ᠋ᠠᠢ᠌ᠲ᠋ᠠ ᠵᠢᠨ ᠲᠥᠪ᠎ᠤᠨ ᠪᠦᠯᠦᠭᠯᠡᠯ᠎ᠳᠤ ᠪᠠᠢ᠌ᠷᠢᠯᠠᠵᠤ ᠪᠣᠶ᠃ ᠲᠣᠰ ᠲᠥᠷᠥᠯ ᠵᠦᠢ᠍ᠯ᠎ᠳᠤ ᠵᠢᠯ ᠪᠦᠷᠢ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠷᠤᠭ 3000 ᠲᠣᠨ ᠪᠠᠭ᠋ᠠᠰᠬᠠᠵᠤ᠂  ᠪᠠᠢ᠌ᠭ᠋ᠠᠯᠢᠯᠢᠭ ᠴᠠᠬᠢᠯᠭ᠋ᠠᠨ᠎ᠤ ᠬᠡᠷᠡᠭᠯᠡᠯᠲᠡ ᠵᠢᠨ ᠬᠠᠷᠢᠴᠠᠯ᠎ᠢ ᠬᠠᠮᠤᠭ ᠥᠨᠳᠥᠷ᠎ᠲᠤ᠎ᠪᠠᠨ 70%᠎ᠳᠤ ᠬᠦᠷᠦᠭᠦᠯᠦᠨ᠎ᠡ᠃ ᠵᠢᠩᠬᠢᠨᠢ᠎ᠪᠠᠷ ᠠᠰᠢᠭᠯᠠᠯᠲᠠ᠎ᠳᠤ ᠣᠷᠣᠭᠰᠠᠨ᠎ᠤ ᠳᠠᠷᠠᠭ᠎ᠠ ᠬᠡᠲᠦ ᠪᠤᠳᠤᠯᠳᠠ ᠵᠢᠨ ᠰᠢᠰᠲ᠋ᠧᠮ᠎ᠤᠨ ᠣᠷᠭᠢᠯ ᠬᠡᠮᠵᠢᠭᠳᠡᠯ᠎ᠢ ᠪᠤᠳᠤᠬᠤ ᠴᠢᠳᠠᠪᠤᠷᠢ 20PFlops (ᠰᠧᠺᠦ᠋ᠨ᠋ᠳ᠋ ᠪᠦᠷᠢ 2 ᠳ᠋ᠦᠩᠰᠢᠭᠤᠷ ᠳ᠋ᠦᠩᠰᠢᠭᠤᠷ ᠤᠳᠠᠭ᠎ᠠ ᠵᠢᠨ ᠬᠥᠪᠥᠮᠡᠯ ᠴᠡᠭ᠎ᠤᠨ ᠪᠣᠳᠣᠯᠭ᠎ᠠ) ᠬᠦᠷᠴᠦ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠲᠤᠬᠠᠢ᠌ᠯᠠᠭᠰᠠᠨ ᠠᠵᠢᠯ᠎ᠤᠨ ᠰᠦᠯᠵᠢᠶ᠎ᠡ᠎ᠲᠠᠢ ᠳᠡᠭᠡᠳᠦ ᠬᠤᠷᠳᠤᠴᠠ᠎ᠪᠠᠷ ᠬᠣᠯᠪᠣᠯᠳᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠭᠣᠣᠯ ᠲᠣᠭ᠎ᠠ ᠬᠡᠮᠵᠢᠭᠳᠡᠯ᠎ᠢ ᠤᠷᠢᠳᠴᠢᠯᠠᠨ ᠮᠡᠳᠡᠭᠡᠯᠡᠬᠦ ᠰᠢᠰᠲ᠋ᠧᠮ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ ᠪᠦᠲᠦᠮᠵᠢᠲᠡᠶ ᠲᠤᠯᠭ᠋ᠠᠭᠤᠷᠢᠯᠠᠵᠤ᠂ ᠥᠪᠥᠷ ᠮᠣᠩᠭᠣᠯ᠎ᠤᠨ ᠨᠠᠷᠢᠯᠢᠭ ᠣᠨᠣᠴᠠᠲᠠᠢ ᠴᠠᠭ ᠠᠭᠤᠷ᠎ᠤᠨ ᠤᠷᠢᠳᠴᠢᠯᠠᠭᠰᠠᠨ ᠮᠡᠳᠡᠭᠡ᠂ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢᠨ ᠳᠡᠭᠡᠭᠰᠢᠯᠡᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠪᠣᠯᠣᠨ᠎ᠠ᠃
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠪᠠ
ᠮᠠᠨ᠎ᠤ ᠤᠷᠤᠨ ᠲᠤᠰᠬᠠᠢ ᠪᠡᠯᠡ ᠮᠥᠩᠭᠥ 5000 ᠲᠦᠮᠡᠨ ᠲᠥᠭᠥᠷᠢᠭ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠪᠠ
ᠪᠦᠬᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠬᠣᠶᠠᠷ — ᠠᠩᠬ᠎ᠠ ᠤᠳᠠᠭ᠎ᠠ ᠰᠢᠰᠲ᠋ᠧᠮ᠎ᠲᠠᠢ ᠪᠠᠢ᠌ᠷᠢᠯᠠᠭᠤᠯᠪᠠ! ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ᠎ᠤ ᠰᠠᠨᠠᠯ ᠲᠠᠷᠤᠮᠠᠯᠯᠠᠨ ᠲᠠᠷᠬᠠᠭ᠋ᠠᠪᠠ
ᠮᠠᠨ᠎ᠤ ᠣᠷᠣᠨ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ 8 ᠲᠠᠯ᠎ᠠ᠎ᠪᠠᠷ ᠠᠬᠢᠭᠤᠯᠵᠤ ᠪᠠᠢ᠌ᠨ᠎ᠠ
ᠮᠠᠨ᠎ᠤ ᠣᠷᠣᠨ ᠱᠠᠨᠳᠦ᠋ᠩ ᠮᠤᠵᠢ ᠵᠢᠨ᠎ᠬᠢᠨ᠎ᠲᠠᠢ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠯ᠎ᠠ
 
            