ᠨᠠᠮ᠎ᠳᠤ ᠤᠷᠤᠬᠰᠠᠨ 50 ᠵᠢᠯ ᠂ ᠦᠡᠭᠭᠡ ᠬᠡᠷᠡᠯᠳᠤ 50 ᠵᠢᠯ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 103 ᠵᠢᠯ᠎ᠤᠨ ᠣᠶ ᠵᠢᠨ ᠲᠠᠰᠢᠷᠠᠮ ᠵᠶ᠋ᠠᠷ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠵᠦᠢ᠍ᠯ᠎ᠤᠨ ᠬᠡᠯᠪᠡᠷᠢ᠎ᠪᠠᠷ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》᠎ᠤᠨ ᠳᠤᠷᠠᠰᠬᠠᠯ᠎ᠤᠨ ᠲᠡᠮᠳᠡᠭ ᠣᠯᠭᠣᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ᠎ᠤᠨ ᠭᠡᠰᠢᠭᠦᠳ᠎ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
ᠤᠯᠠᠭ᠋ᠠᠨᠴᠠᠪ ᠬᠤᠳᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢᠨ ᠪᠠᠢ᠌ᠭᠤᠯᠭ᠎ᠠ ᠪᠣᠯᠣᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠤᠭ᠎ᠤᠨ ᠠᠭᠤᠯᠨ ᠪᠠᠯᠭ᠋ᠠᠰᠤ (土贵乌拉镇)᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠳ᠋ᠠ ᠯᠢᠤ ᠬᠤᠤ ᠪᠠᠯᠭ᠋ᠠᠰᠤ᠂ ᠬᠤᠸᠠᠳ᠋ᠸ ᠰᠢᠶᠠᠨ᠎ᠤ ᠪᠠᠶᠠᠨᠳᠠᠯ᠎ᠠ ᠰᠢᠶᠠᠩ᠎ᠤᠨ ᠬᠢᠨ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ ᠲᠠᠷᠬᠠᠭ᠋ᠠᠬᠤ ᠶᠣᠰᠣᠯᠠᠯ ᠥᠷᠨᠢᠭᠦᠯᠵᠦ᠂ ᠠᠬᠠᠮᠠᠳ ᠨᠠᠮ᠎ᠤᠨ ᠭᠡᠰᠢᠭᠦᠨ᠎ᠤ 50 ᠵᠢᠯ᠎ᠤᠨ ᠲᠤᠷᠰᠢ ᠵᠠᠯᠠᠭᠤ ᠨᠠᠰᠤᠨ᠎ᠳᠤ᠎ᠪᠠᠨ ᠬᠠᠷᠠᠮᠰᠠᠯ ᠦᠭᠡᠢ᠂ ᠰᠠᠯᠬᠢ ᠪᠣᠷᠣᠭ᠋ᠠᠨ᠎ᠠᠴᠠ ᠠᠶᠤᠬᠤ ᠦᠭᠡᠢ᠂ ᠢᠲᠡᠭᠡᠯ ᠵᠣᠷᠢᠭ ᠭᠤᠢ᠌ᠪᠠᠰᠢ ᠡᠷᠡᠰ ᠵᠣᠷᠢᠭ ᠪᠣᠯᠣᠨ ᠵᠠᠩ ᠴᠢᠨᠠᠷ᠎ᠢ ᠭᠦᠢ᠍ᠴᠡᠳ ᠨᠤᠲᠠᠯᠠᠵᠤ᠂ ᠠᠬᠠᠮᠠᠳ ᠨᠠᠮ᠎ᠤᠨ ᠬᠡᠰᠢᠬᠦᠳ᠎ᠤᠨ ᠬᠡᠷᠡᠯ ᠬᠢᠯᠪᠠᠭ᠎ᠠ᠎ᠪᠠᠨ ᠦᠷᠭᠦᠯᠵᠢᠯᠡᠨ ᠪᠠᠳᠠᠷᠠᠭᠤᠯᠬᠤ ᠵᠢ ᠬᠦᠰᠡᠪᠡ᠃ ᠡᠭᠦᠨ᠎ᠤ ᠬᠠᠮᠲᠤ ᠠᠬᠠᠮᠠᠳ ᠨᠠᠮ᠎ᠤᠨ ᠭᠡᠰᠢᠭᠦᠨ᠎ᠤ ᠲᠥᠯᠥᠭᠡᠯᠡᠭᠴᠢ ᠵᠢ ᠤᠷᠢᠵᠤ ᠥᠪᠡᠷ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠵᠤ ᠪᠠᠢ᠌ᠭ᠋ᠠᠳ ᠨᠠᠮ᠎ᠳᠤ ᠣᠷᠣᠭᠰᠠᠨ ᠦᠯᠢᠭᠡᠷ ᠪᠣᠯᠣᠨ ᠦᠪᠡᠷ᠎ᠤᠨ ᠦᠡᠭᠭᠡᠷᠡᠯᠳᠡᠲᠠᠢᠨᠢ ᠤᠶᠠᠯᠳᠤᠭᠤᠯᠤᠨ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠭᠡᠰᠢᠭᠦᠨ᠎ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠦᠭᠰᠡᠨ ᠥᠩᠭᠡᠷᠡᠯᠲᠡ ᠵᠢ᠎ᠨᠢ ᠶᠠᠷᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠨᠠᠮ᠎ᠤᠨ ᠠᠴᠢ ᠵᠢ ᠡᠭᠦᠷᠢᠳᠡ ᠪᠠᠳᠤ ᠴᠡᠭᠡᠵᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠵᠶ᠋ᠡᠨ ᠦᠷᠭᠦᠯᠵᠢᠯᠡᠨ ᠪᠠᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠬᠦ ᠲᠡᠢ᠌ᠰᠢ ᠲᠠᠢ᠌ᠴᠢᠯᠠᠪᠠ᠃ ᠦᠨᠤ ᠵᠢᠯ ᠤᠯᠠᠭ᠋ᠠᠨᠴᠠᠪ ᠬᠤᠳᠠ ᠵᠢᠨ᠎ᠬᠢᠨ ᠨᠠᠮ᠎ᠳᠤ ᠣᠷᠣᠭ᠋ᠠᠳ ᠪᠦᠬᠦᠯᠢ 50 ᠵᠢᠯ ᠪᠣᠯᠤᠭᠰᠠᠨ 1384 ᠠᠬᠠᠮᠠᠳ ᠨᠠᠮ᠎ᠤᠨ ᠭᠡᠰᠢᠭᠦᠨ᠎ᠳᠤ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠳᠤᠷᠠᠰᠬᠠᠯ᠎ᠤᠨ ᠲᠡᠮᠳᠡᠭ ᠲᠠᠷᠬᠠᠭ᠋ᠠᠵᠠᠢ᠃
ᠳᠤᠷᠠᠰᠬᠠᠯ᠎ᠤᠨ ᠲᠡᠮᠳᠡᠭ ᠣᠯᠣᠭᠰᠠᠨ ᠠᠬᠠᠮᠠᠳ ᠨᠠᠮ᠎ᠤᠨ ᠭᠡᠰᠢᠭᠦᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠩ ᠫᠠᠨ ᠰᠢᠶᠠᠩ᠎ᠤᠨ ᠡᠯ ᠳ᠋ᠣᠣ ᠭᠧᠦ ᠲᠣᠰᠬᠣᠨ᠎ᠤ ᠠᠷᠠᠳ ᠾᠧᠦ ᠳ᠋ᠦᠩ᠄ 《ᠤᠭ ᠰᠠᠨᠠᠭ᠎ᠠ᠎ᠪᠠᠨ ᠪᠠᠷᠢᠮᠲᠠᠯᠠᠵᠤ᠂ ᠨᠠᠮ ᠵᠶ᠋ᠠᠨ ᠬᠠᠢ᠌ᠷᠠᠯᠠᠵᠤ ᠨᠠᠮ ᠵᠶ᠋ᠠᠨ ᠬᠦᠨᠳᠦᠳᠬᠡᠬᠦ ᠪᠣᠯ ᠮᠠᠨ᠎ᠤ ᠡᠪ ᠬᠠᠮᠲᠤ ᠨᠠᠮ᠎ᠤᠨ ᠭᠡᠰᠢᠭᠦᠨ ᠨᠢᠬᠡ ᠪᠦᠷᠢ ᠵᠢᠨ ᠭᠦᠢ᠍ᠴᠡᠳᠬᠡᠪᠡᠰᠦ ᠵᠣᠬᠢᠬᠤ ᠡᠬᠦᠷᠬᠡ ᠬᠠᠷᠢᠭᠤᠴᠠᠯᠭ᠎ᠠ ᠡᠭᠦᠷᠭᠡ ᠮᠥᠨ᠂ ᠨᠠᠳᠠ᠎ᠳᠤ 〈ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ〉᠎ᠤᠨ ᠳᠤᠷᠠᠰᠬᠠᠯ᠎ᠤᠨ ᠲᠡᠮᠳᠡᠭ᠎ᠢ ᠣᠯᠭᠣᠭᠰᠠᠨ᠎ᠨᠢ ᠨᠠᠮ᠎ᠠ ᠵᠢ ᠨᠤᠳᠠᠯᠠᠵᠤ᠂ ᠮᠢᠨᠤ ᠠᠵᠢᠯ᠎ᠢ ᠬᠦᠯᠢᠶᠡᠨ ᠵᠦᠪᠰᠢᠶᠡᠷᠡᠵᠤ ᠪᠠᠢ᠌ᠭ᠎ᠠ ᠬᠡᠷᠡᠭ ᠶᠤᠮ᠃ ᠪᠢ ᠬᠣᠢ᠌ᠰᠢᠳᠠ ᠢᠯᠴᠢ ᠬᠡᠬᠡ᠎ᠪᠠᠨ ᠦᠷᠭᠦᠯᠵᠢᠯᠡᠨ ᠪᠠᠳᠠᠷᠠᠭᠤᠯᠵᠤ᠂ ᠠᠬᠠᠮᠠᠳ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠎ᠠ》 ᠭᠡᠵᠤ ᠶᠠᠷᠢᠪᠠ᠃
ᠬᠢᠩᠭ᠋ᠠᠨ ᠠᠢ᠌ᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠬᠤᠷᠠᠯ ᠬᠤᠷᠠᠯᠳᠤᠭᠤᠯᠬᠤ᠂ ᠶᠣᠰᠣᠯᠠᠯ ᠶᠠᠪᠤᠭᠤᠯᠬᠤ᠂ ᠭᠡᠷ᠎ᠲᠤ᠎ᠨᠢ ᠬᠦᠷᠴᠦ ᠰᠤᠷᠪᠤᠯᠵᠢᠯᠠᠬᠤ ᠵᠡᠷᠭᠡ ᠤᠯᠠᠨ ᠬᠡᠯᠪᠡᠷᠢ᠎ᠪᠠᠷ ᠨᠥᠬᠥᠴᠡᠯ᠎ᠳᠤ ᠨᠡᠢ᠌ᠴᠡᠭᠰᠡᠨ 608 ᠠᠬᠠᠮᠠᠳ ᠨᠠᠮ᠎ᠤᠨ ᠭᠡᠰᠢᠭᠦᠨ᠎ᠳᠤ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》᠎ᠤᠨ ᠳᠤᠷᠠᠰᠬᠠᠯ᠎ᠤᠨ ᠲᠡᠮᠳᠡᠭ ᠭᠠᠷᠳᠠᠭᠤᠯᠪᠠ᠃
ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠵᠣᠬᠢᠶᠠᠨ ᠪᠠᠶ᠋ᠢᠭᠤᠯᠬᠤ ᠨᠢᠭᠡᠳᠦᠭᠡᠷ ᠰᠠᠯᠠᠭ᠋ᠠᠨ᠎ᠤ ᠳᠠᠷᠤᠭ᠎ᠠ ᠯᠢ ᠰᠢᠶᠣᠣ ᠸᠧᠢ᠄ 《〈ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ〉᠎ᠤᠨ ᠳᠤᠷᠠᠰᠬᠠᠯ᠎ᠤᠨ ᠲᠡᠮᠳᠡᠭ᠎ᠢ ᠲᠠᠷᠬᠠᠭ᠋ᠠᠭᠰᠠᠨ᠎ᠨᠢ ᠨᠠᠮ᠎ᠤᠨ ᠲᠥᠪ ᠬᠣᠷᠢᠶ᠎ᠠ᠎ᠠᠴᠠ ᠠᠬᠠᠮᠠᠳ ᠨᠠᠮ᠎ᠤᠨ ᠬᠡᠰᠢᠬᠦᠳ᠎ᠢ ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠨᠠᠮ ᠪᠣᠯᠣᠨ ᠠᠷᠠᠳ ᠲᠦᠮᠡᠨ᠎ᠠᠴᠠ ᠠᠬᠠᠮᠠᠳ ᠨᠠᠮ᠎ᠤᠨ ᠭᠡᠰᠢᠭᠦᠨ᠎ᠤ ᠲᠡᠦᠬᠡᠨ ᠬᠤᠪᠢ ᠨᠡᠮᠡᠷᠢ ᠵᠢ ᠭᠦᠢ᠍ᠴᠡᠳ ᠨᠤᠳᠠᠯᠠᠵᠤ ᠪᠠᠢ᠌ᠬᠤ ᠵᠢᠨ ᠲᠡᠮᠳᠡᠭ ᠪᠦᠬᠡᠳ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠭᠦᠨ ᠭᠦᠨᠵᠡᠭᠡᠢ ᠤᠳᠬ᠎ᠠ ᠠᠭᠤᠯᠭ᠎ᠠ᠎ᠲᠠᠢ》 ᠶᠠᠷᠢᠵᠤ ᠪᠠᠢ᠌ᠯ᠎ᠠ᠃ ᠤᠯᠠᠭ᠋ᠠᠨᠬᠣᠲᠠ ᠵᠢᠨ ᠰᠡᠷᠬᠡᠨ ᠤᠳᠤ ᠦᠶ᠎ᠡ ᠵᠢᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠤᠨ ᠫᠢᠡᠭ ᠠᠨ ᠲᠣᠰᠬᠣᠨ᠎ᠤ ᠠᠬᠠᠮᠠᠳ ᠨᠠᠮ᠎ᠤᠨ ᠭᠡᠰᠢᠭᠦᠨ ᠪᠦ᠋ ᠢ ᠵᠢᠶᠦ᠋ᠨ ᠭᠡᠷᠡᠯ ᠰᠠᠴᠤᠷᠠᠭᠰᠠᠨ ᠳᠤᠷᠠᠰᠬᠠᠯ᠎ᠤᠨ ᠲᠡᠮᠳᠡᠭ᠎ᠢ ᠲᠤᠰᠤᠭ᠋ᠠᠳ ᠳᠣᠭᠳᠣᠯᠤᠭᠰᠠᠨ ᠰᠡᠳᠬᠢᠯᠬᠡ᠎ᠪᠠᠷ᠄ 《1974 ᠣᠨ᠎ᠤ 4 ᠳ᠋ᠤᠬᠡᠷ ᠰᠠᠷ᠎ᠠ ᠵᠢᠨ 27 ᠤ ᠡᠳᠦᠷ ᠪᠣᠯ ᠮᠢᠨᠤ ᠨᠠᠰᠤᠨ ᠲᠤᠷᠰᠢᠲᠠ ᠵᠢᠨ ᠮᠠᠷᠲᠠᠭᠳᠠᠰᠢ ᠦᠭᠡᠢ ᠡᠳᠦᠷ ᠪᠣᠯᠣᠨ᠎ᠠ᠂ ᠪᠢ ᠭᠠᠯ ᠤᠯᠠᠭ᠋ᠠᠨ ᠨᠠᠮ᠎ᠤᠨ ᠲᠤᠭ᠎ᠤᠨ ᠳᠣᠣᠷ᠎ᠠ ᠵᠣᠭᠰᠣᠨ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠬᠤ᠎ᠪᠠᠷ ᠵᠤᠷᠢᠭ ᠵᠶ᠋ᠡᠨ ᠢᠯᠡᠳᠬᠡᠵᠡᠢ᠃ ᠮᠢᠨᠤ ᠠᠮᠢᠳᠤᠷᠠᠯ᠎ᠤᠨ ᠠᠯᠬᠤᠮ ᠨᠢᠬᠡ ᠪᠦᠷᠢ ᠪᠣᠯ ᠴᠥᠮ ᠨᠠᠮ᠎ᠤᠨ ᠬᠥᠮᠦᠵᠢᠯ ᠵᠶ᠋ᠡᠷ ᠦᠰᠦᠨ ᠪᠣᠢ᠌ᠵᠢᠵᠤ ᠬᠥᠭᠵᠢᠭᠰᠡᠨ ᠶᠤᠮ᠂ ᠤᠳᠤ ᠵᠢᠨ ᠵᠣᠯ ᠵᠢᠷᠭ᠋ᠠᠯᠲᠤ ᠠᠮᠢᠳᠤᠷᠠᠯ᠎ᠢ ᠴᠥᠮ ᠨᠠᠮ ᠪᠠ ᠤᠯᠤᠰ᠎ᠠᠴᠠ ᠤᠯᠭᠤᠪᠠ᠃ ᠡᠨᠡ ᠬᠦ᠌ ᠳᠤᠷᠠᠰᠬᠠᠯ᠎ᠤᠨ ᠲᠡᠮᠳᠡᠭ ᠪᠣᠯ ᠨᠠᠮ᠎ᠠᠴᠠ ᠨᠠᠮ᠎ᠠ ᠵᠢ ᠮᠠᠳᠠᠷᠠᠵᠤ ᠪᠠᠢ᠌ᠭ᠎ᠠ ᠪᠦᠬᠡᠳ ᠨᠠᠮ᠎ᠤᠨ ᠬᠠᠢ᠌ᠷ᠎ᠠ ᠬᠠᠯᠠᠮᠵᠢ᠂ ᠪᠠᠰᠠ ᠴᠤ᠌ ᠬᠦᠨᠳᠦ ᠬᠠᠷᠢᠭᠤᠴᠠᠯᠭ᠎ᠠ ᠪᠣᠯᠬᠤ ᠶᠤᠮ᠂ ᠪᠢ ᠤᠭ ᠰᠠᠨᠠᠭ᠎ᠠ᠎ᠪᠠᠨ ᠦᠯᠦ ᠤᠮᠠᠷᠳᠠᠨ᠂ ᠨᠠᠮ᠎ᠤᠨ ᠦᠢ᠍ᠯᠡᠰ᠎ᠤᠨ ᠲᠥᠯᠥᠭᠡ ᠢᠯᠴᠢ ᠬᠡᠷᠡᠯ ᠵᠶ᠋ᠡᠨ ᠦᠷᠬᠦᠯᠵᠢᠯᠡᠨ ᠪᠠᠳᠠᠷᠠᠭᠤᠯᠤᠨ᠎ᠠ》 ᠬᠡᠵᠡᠢ ᠃
ᠰᠢᠯᠢ ᠵᠢᠨ ᠭᠣᠣᠯ ᠠᠢ᠌ᠮᠠᠭ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ ᠲᠠᠷᠬᠠᠭ᠋ᠠᠬᠤ ᠠᠵᠢᠯ᠎ᠢ ᠨᠠᠷᠢᠨ ᠬᠢᠨᠠᠮᠠᠭ᠋ᠠᠢ ᠥᠷᠨᠢᠭᠦᠯᠵᠡᠢ᠃ ᠦᠨᠤ ᠵᠢᠯ ᠰᠢᠯᠢ ᠵᠢᠨ ᠭᠣᠣᠯ ᠠᠢ᠌ᠮᠠᠭ᠎ᠤᠨ᠎ᠬᠢᠨ ᠨᠠᠮ᠎ᠳᠤ ᠣᠷᠣᠭ᠋ᠠᠳ ᠪᠦᠬᠦᠯᠢ 50 ᠵᠢᠯ ᠪᠣᠯᠤᠭᠰᠠᠨ 471 ᠠᠬᠠᠮᠠᠳ ᠨᠠᠮ᠎ᠤᠨ ᠭᠡᠰᠢᠭᠦᠨ᠎ᠳᠤ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》᠎ᠤᠨ ᠳᠤᠷᠠᠰᠬᠠᠯ᠎ᠤᠨ ᠲᠡᠮᠳᠡᠭ ᠲᠠᠷᠬᠠᠭ᠋ᠠᠯ᠎ᠠ᠃
ᠰᠢᠯᠢᠩᠬᠣᠲᠠ ᠵᠢᠨ ᠡᠷᠳᠡᠨᠢ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠶᠠᠪᠤᠭᠳᠠᠭᠰᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠳᠡᠭᠡᠷ᠎ᠡ 21 ᠠᠬᠠᠮᠠᠳ ᠨᠠᠮ᠎ᠤᠨ ᠬᠡᠰᠢᠬᠦᠳ ᠵᠣᠬᠢᠶᠠᠨ ᠪᠠᠢ᠌ᠭᠤᠯᠤᠯᠲᠠ᠎ᠠᠴᠠ ᠨᠡᠢ᠌ᠲᠡᠯᠡᠭᠰᠡᠨ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ ᠬᠦᠷᠲᠡᠵᠦ᠂ ᠠᠵᠢᠯᠯᠠᠭ᠎ᠠ ᠵᠢ ᠵᠤᠬᠢᠶᠠᠨ ᠪᠠᠢ᠌ᠭᠤᠯᠤᠬᠰᠠᠳ ᠰᠢᠨ᠎ᠡ ᠡᠯᠰᠡᠭᠰᠡᠨ ᠨᠠᠮ᠎ᠤᠨ ᠭᠡᠰᠢᠭᠦᠨ ᠪᠣᠯᠣᠨ ᠠᠬᠠᠮᠠᠳ ᠨᠠᠮ᠎ᠤᠨ ᠭᠡᠰᠢᠭᠦᠨ᠎ᠲᠠᠢ ᠬᠠᠮᠲᠤ᠎ᠪᠠᠷ ᠲᠠᠡᠭᠭ᠋ᠠᠷᠢᠬᠯᠠᠬᠤᠳᠤ ᠡᠷᠡᠰ ᠴᠢᠩᠭ᠎ᠠ ᠲᠠᠩᠭ᠋ᠠᠷᠢᠭᠯᠠᠬᠤ ᠳᠠᠭᠤᠨ ᠦᠷᠤᠬᠡ ᠲᠦᠬᠦᠷᠡᠡᠭ ᠴᠤᠤᠷᠢᠶᠠᠲᠤᠪᠠ᠃ ᠠᠬᠠᠮᠠᠳ ᠨᠠᠮ᠎ᠤᠨ ᠭᠡᠰᠢᠭᠦᠨ ᠯᠢᠦ ᠾᠧ ᠫᠢᠩ᠄ 《ᠨᠠᠮ᠎ᠤᠨ 103 ᠨᠠᠰᠤᠨ᠎ᠤ ᠲᠦᠷᠦᠭᠰᠡᠨ ᠡᠳᠦᠷ᠎ᠤᠨ ᠪᠠᠶᠠᠷ᠎ᠤᠨ ᠲᠠᠰᠢᠷᠠᠮ ᠵᠶ᠋ᠡᠷ ᠮᠢᠨᠤ ᠢᠷᠠᠭᠤ ᠠᠯᠳᠠᠷᠲᠠᠢ᠎ᠪᠠᠷ ᠨᠠᠮ᠎ᠳᠤ ᠣᠷᠣᠭᠰᠠᠨ 50 ᠵᠢᠯ᠎ᠤᠨ ᠵᠠᠩᠭᠢᠯᠠᠭ᠎ᠠ ᠵᠢᠨ ᠴᠡᠭ ᠳᠡᠭᠡᠷ᠎ᠡ ᠡᠨᠡ ᠬᠦ᠌ ᠳᠤᠷᠠᠰᠬᠠᠯ᠎ᠤᠨ ᠲᠡᠮᠳᠡᠭ᠎ᠢ ᠣᠯᠣᠭᠰᠠᠨ᠎ᠨᠢ ᠶᠡᠷᠦ ᠪᠤᠰᠤ ᠵᠢᠨ ᠠᠴᠢ ᠬᠣᠯᠪᠣᠭᠳᠠᠯ᠎ᠲᠠᠢ᠃ ᠨᠠᠮ᠎ᠤᠨ ᠬᠥᠮᠥᠵᠢᠭᠦᠯᠦᠯ᠎ᠳᠤ ᠲᠠᠯᠠᠷᠬᠠᠵᠤ ᠪᠠᠢ᠌ᠨ᠎ᠠ᠂ ᠨᠠᠮ᠎ᠤᠨ ᠠᠭᠤᠤ ᠶᠡᠬᠡ ᠦᠢ᠍ᠯᠡᠰ᠎ᠤᠨ ᠲᠥᠯᠥᠭᠡ ᠬᠦᠴᠦᠨ ᠴᠢᠳᠠᠯ ᠵᠶ᠋ᠠᠨ ᠡᠷᠭᠦᠵᠦ᠂ ᠮᠠᠨ᠎ᠤ ᠨᠠᠮ ᠪᠠ ᠤᠯᠤᠰ ᠣᠷᠣᠨ᠎ᠤ ᠴᠡᠴᠡᠭᠯᠡᠯ ᠬᠥᠭᠵᠢᠯ ᠪᠠ ᠬᠦᠴᠦᠷᠬᠡᠭᠵᠢᠯᠢ ᠭᠡᠷᠡᠴᠢᠯᠡᠬᠦ ᠪᠣᠯᠤᠭᠰᠠᠨ᠎ᠳᠤ᠎ᠪᠠᠨ ᠮᠠᠰᠢ ᠣᠮᠣᠭᠰᠢᠵᠤ ᠪᠠᠢ᠌ᠨ᠎ᠠ᠃ ᠬᠣᠢ᠌ᠰᠢᠳᠠ ᠪᠢ ᠪᠠᠰᠠ ᠪᠡᠶ᠎ᠡ ᠵᠢᠨ ᠨᠥᠬᠥᠴᠡᠯ ᠪᠣᠯᠣᠯᠴᠠᠭ᠎ᠠ ᠪᠠ ᠦᠵᠡᠵᠤ ᠪᠠᠢ᠌ᠭ᠋ᠠᠳ ᠨᠠᠮ ᠪᠠ ᠤᠯᠤᠰ ᠣᠷᠣᠨ᠎ᠤ ᠦᠢ᠍ᠯᠡᠰ᠎ᠤᠨ ᠲᠥᠯᠥᠭᠡ ᠦᠷᠭᠦᠯᠵᠢᠯᠡᠨ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ》 ᠬᠡᠯᠡ᠃
ᠤᠷᠴᠢᠮ ᠠᠯᠠᠱ᠌ᠠ ᠵᠢᠨ ᠡᠯ᠎ᠡ ᠭᠠᠵᠠᠷ᠎ᠤᠨ᠎ᠬᠢᠨ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ ᠲᠠᠷᠬᠠᠭ᠋ᠠᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ᠎ᠤᠨ ᠭᠡᠰᠢᠭᠦᠨ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠢ᠌ᠷ᠎ᠠ ᠬᠠᠯᠠᠮᠵᠢ ᠵᠢ ᠬᠦᠷᠲᠡᠭᠡᠵᠦ᠂ ᠠᠬᠠᠮᠠᠳ ᠨᠠᠮ᠎ᠤᠨ ᠭᠡᠰᠢᠭᠦᠨ᠎ᠤ ᠢᠷᠠᠭᠤ ᠠᠯᠳᠠᠷ᠎ᠤᠨ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ᠂ ᠡᠭᠦᠷᠭᠡᠲᠦ ᠲᠥᠷᠥᠭᠳᠡᠯ᠎ᠢ ᠨᠡᠮᠡᠭᠳᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠠᠬᠠᠮᠠᠳ ᠨᠠᠮ᠎ᠤᠨ ᠭᠡᠰᠢᠭᠦᠨ᠎ᠤ ᠨᠠᠮ᠎ᠤᠨ ᠦᠢ᠍ᠯᠡᠰ᠎ᠤᠨ ᠲᠥᠯᠥᠭᠡ ᠢᠯᠴᠢ ᠬᠡᠬᠡ᠎ᠪᠠᠨ ᠪᠠᠳᠠᠷᠠᠭᠤᠯᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠪᠠᠢ᠌ᠨ᠎ᠠ᠃ ᠣᠢ᠌ᠯᠠᠭ᠋ᠠᠭᠰᠠᠨ ᠵᠢᠨᠷ ᠠᠯᠠᠱ᠌ᠠ ᠵᠢᠨ ᠪᠦᠬᠦ ᠠᠢ᠌ᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠤᠯᠠᠨ ᠬᠡᠯᠪᠡᠷᠢ᠎ᠪᠠᠷ 《 ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠤᠨ ᠳᠤᠷᠠᠰᠬᠠᠯ᠎ᠤᠨ ᠲᠡᠮᠳᠡᠭ᠎ᠢ 134 ᠭᠠᠷᠳᠠᠭᠤᠯᠵᠠᠢ᠃
ᠠᠯᠠᠱ᠌ᠠ ᠠᠢ᠌ᠮᠠᠭ᠎ᠤᠨ ᠢᠬᠡᠷ᠎ᠡ ᠬᠤᠳᠳᠤᠭ ᠠᠮᠢ ᠠᠬᠤᠢ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠲᠤ 7 ᠳ᠋ᠤᠭ᠋ᠠᠷ ᠰᠠᠷ᠎ᠠ ᠵᠢᠨ 1᠎ᠤ ᠡᠳᠦᠷ 《ᠨᠠᠮ᠎ᠳᠤ ᠤᠷᠤᠬᠰᠠᠨ ᠢᠷᠡᠭᠤ ᠠᠯᠳᠠᠷᠳᠤ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ ᠣᠯᠭᠣᠬᠤ ᠶᠣᠰᠣᠯᠠᠯ ᠶᠠᠪᠤᠭᠤᠯᠪᠠ᠃ ᠠᠬᠠᠮᠠᠳ ᠨᠠᠮ᠎ᠤᠨ ᠭᠡᠰᠢᠭᠦᠨ ᠱᠠᠩᠨᠠᠯ᠎ᠤᠨ ᠲᠡᠮᠳᠡᠭ᠎ᠢ ᠰᠡᠳᠬᠢᠯ ᠳᠣᠭᠳᠣᠯᠤᠨ ᠲᠤᠰᠴᠤ᠂ ᠨᠠᠮ᠎ᠳᠤ ᠣᠷᠣᠭᠰᠠᠨ ᠥᠩᠭᠡᠷᠡᠯᠲᠡ ᠪᠠ ᠤᠯᠠᠨ ᠵᠢᠯ᠎ᠤᠨ ᠠᠵᠢᠯ᠎ᠤᠨ ᠥᠩᠭᠡᠷᠡᠯᠲᠡ᠎ᠪᠠᠨ ᠬᠤᠪᠢᠶᠠᠯᠴᠠᠵᠤ᠂ ᠵᠠᠯᠠᠭᠤ ᠨᠠᠮ᠎ᠤᠨ ᠭᠡᠰᠢᠭᠦᠨ᠎ᠢ ᠠᠵᠠ ᠲᠣᠬᠢᠶᠠᠯ᠎ᠢ ᠨᠠᠨᠳᠢᠩᠨᠠᠵᠤ᠂ ᠴᠢᠷᠮᠠᠢ᠌ᠨ ᠠᠵᠢᠯᠯᠠᠵᠤ᠂ ᠨᠠᠮ᠎ᠤᠨ ᠦᠢ᠍ᠯᠡᠰ᠎ᠤᠨ ᠲᠥᠯᠥᠭᠡ ᠦᠷᠭᠦᠯᠵᠢᠯᠡᠨ ᠲᠡᠮᠡᠴᠡᠬᠦ ᠵᠢ ᠵᠣᠷᠢᠭᠵᠢᠭᠤᠯᠪᠠ᠃ ᠢᠬᠡᠷ᠎ᠡ ᠬᠤᠳᠳᠤᠭ᠎ᠤᠨ ᠠᠮᠢ ᠠᠬᠤᠢ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠲᠡᠭᠷᠢ ᠡᠯᠡᠰᠤ ᠪᠠᠯᠭ᠋ᠠᠰᠤᠨ᠎ᠤ ᠤᠯᠠᠭ᠋ᠠᠨᠬᠠᠳᠠ ᠭᠠᠴᠠᠭ᠎ᠠ ᠵᠢᠨ ᠠᠬᠠᠮᠠᠳ ᠨᠠᠮ᠎ᠤᠨ ᠭᠡᠰᠢᠭᠦᠨ ᠮᠦᠡᠭᠭᠡᠪᠠᠭ᠋ᠠᠳᠤᠷ᠄ 《ᠡᠨᠡ ᠬᠦ᠌ ᠳᠤᠷᠠᠰᠬᠠᠯ᠎ᠤᠨ ᠲᠡᠮᠳᠡᠭ ᠨᠠᠳᠠ᠎ᠳᠤ ᠠᠪᠴᠤ ᠬᠡᠯᠡᠪᠡᠯ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠡᠨᠡ ᠪᠣᠯ ᠨᠠᠮ᠎ᠠᠴᠠ ᠨᠠᠳᠠ᠎ᠳᠤ ᠣᠯᠭᠣᠭᠰᠠᠨ ᠢᠷᠠᠭᠤ ᠠᠯᠳᠠᠷ ᠪᠠ ᠨᠤᠲᠠᠯᠠᠯᠲᠠ ᠪᠣᠯᠣᠨ᠎ᠠ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠯᠠᠮᠵᠢᠯᠠᠯ᠎ᠨᠢ ᠨᠠᠳᠠ᠎ᠳᠤ ᠲᠤᠢ᠌ᠯ᠎ᠤᠨ ᠬᠠᠯᠠᠭᠤᠨ ᠳᠤᠯᠠᠭ᠋ᠠᠨ ᠲᠥᠷᠥᠭᠳᠡᠯ ᠥᠭᠭᠦᠭᠰᠡᠨ ᠪᠥᠭᠡᠳ ᠮᠠᠰᠢ ᠶᠡᠬᠡ ᠵᠣᠷᠢᠭᠵᠢᠭᠤᠯᠤᠯ ᠪᠣᠯᠤᠭᠰᠠᠨ ᠶᠤᠮ᠂ ᠪᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠨᠠᠮ᠎ᠤᠨ ᠭᠡᠰᠢᠭᠦᠨ᠎ᠤ ᠣᠣᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠨ᠎ᠡ》 ᠰᠡᠳᠬᠢᠯ ᠳᠣᠭᠳᠣᠯᠤᠨ ᠶᠠᠷᠢᠵᠤ ᠪᠠᠢ᠌ᠯ᠎ᠠ᠃