ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-07-02

     ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠴᠢᠨᠠᠷᠵᠢᠭᠤᠨ ᠥᠷᠨᠢᠭᠦᠯᠬᠦ᠎ᠳᠤ ᠦᠵᠡᠯ ᠰᠠᠨᠠᠭ᠎ᠠ ᠪᠠ ᠤᠶᠤᠨ ᠰᠠᠨᠠᠭ᠋ᠠᠨ᠎ᠤ ᠬᠦᠨᠴᠨ ᠵᠢ ᠬᠦᠨᠳᠡᠭᠰᠡᠨ ᠪᠦᠬᠡᠳ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠦᠢ᠍ᠯᠡ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠬᠦ ᠪᠤᠯᠤᠨ᠎ᠠ᠃ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠭᠤᠷᠪᠠᠨ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠠᠬᠢᠭᠤᠯᠬᠤ ᠪᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠋ᠠᠳᠬᠠᠬᠤ᠎ᠲᠠᠢ ᠵᠡᠷᠬᠡ᠎ᠪᠠᠷ ᠬᠦᠴᠦᠯᠡᠬᠦ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢ᠌ᠩᠭᠤ ᠠᠳᠬᠤᠬᠤ ᠵᠢ ᠠᠬᠢᠭᠤᠯᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ  ᠬᠤᠷᠢᠶ᠎ᠠ ᠵᠢᠨ ᠪᠠᠢ᠌ᠭᠤᠯᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠨ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷᠵᠢᠭᠤᠨ ᠠᠬᠢᠭᠤᠯᠬᠤ ᠵᠢ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠵᠢ ᠰᠠᠢ᠌ᠲᠤᠷ ᠠᠳᠬᠤᠬᠤ᠎ᠲᠠᠢ ᠤᠶᠠᠯᠳᠤᠭᠤᠯᠵᠤ᠂ ᠪᠦᠬᠦ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠬᠤ᠂ ᠰᠠᠬᠢᠯᠭ᠎ᠠ ᠵᠢ ᠳᠡᠭᠡᠳᠦ ᠬᠡᠮᠵᠢᠶᠡᠨ᠎ᠤ ᠤᠬᠠᠮᠰᠠᠷ᠎ᠠᠴᠠ᠎ᠪᠠᠨ ᠰᠠᠬᠢᠬᠤ ᠪᠠ ᠰᠠᠬᠢᠯᠭ᠎ᠠ ᠵᠢ ᠣᠨᠣᠪᠴᠢᠲᠠᠶ᠎ᠪᠠᠷ ᠵᠢᠷᠤᠮᠵᠢᠭᠤᠯᠤᠨ ᠬᠡᠷᠡᠭᠵᠢᠭᠦᠯᠬᠦ ᠵᠡᠷᠬᠡ ᠠᠵᠢᠯ᠎ᠳᠤ ᠬᠦᠴᠦ ᠲᠠᠯᠪᠢᠵᠤ᠂ ᠡᠯᠪᠡᠭ ᠪᠠᠶᠠᠯᠢᠭ ᠣᠯᠠᠨ ᠶᠠᠩᠵᠤ ᠵᠢᠨ ᠰᠤᠷᠤᠯᠴᠠᠬᠤ ᠬᠡᠯᠪᠡᠷᠢ᠎ᠪᠠᠷ ᠳᠠᠮᠵᠢᠭᠤᠯᠤᠨ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠢ  ᠵᠢᠯᠤᠭᠣᠳᠴᠤ ᠪᠠᠢ᠌ᠭ᠋ᠠᠳ ᠰᠠᠬᠢᠯᠭ᠎ᠠ ᠪᠠᠲᠤ ᠵᠢᠨ ᠤᠬᠠᠮᠰᠠᠷ᠂ ᠨᠠᠮᠴᠢ ᠴᠢᠨᠠᠷ᠎ᠤᠨ ᠪᠣᠯᠪᠠᠰᠤᠷᠠᠯ᠂ ᠰᠠᠬᠢᠯᠭ᠎ᠠ ᠪᠠᠲᠤ ᠵᠢ ᠬᠡᠷᠡᠭᠵᠢᠭᠦᠯᠬᠦ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠰᠤᠷᠤᠯᠴᠠᠯᠭ᠎ᠠ᠎ᠪᠠᠷ ᠲᠠᠮᠵᠢᠨ ᠨᠡᠩ  ᠦᠨᠡᠨᠴᠢ ᠰᠢᠳᠤᠷᠭᠤ᠎ᠪᠠᠷ ᠤᠯᠤᠰ ᠲᠦᠷᠤ᠎ᠳᠤ ᠦᠨᠡᠨᠴᠢ ᠪᠠᠢ᠌ᠬᠤ᠂ ᠨᠡᠩ ᠥᠨᠳᠥᠷ ᠴᠢᠩᠭ᠎ᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠲᠠᠢ᠂ ᠨᠡᠡᠭ ᠤᠬᠠᠮᠰᠠᠷᠳᠤ ᠰᠠᠬᠢᠯᠭ᠎ᠠ ᠪᠠᠲᠤ ᠵᠢᠨ ᠲᠠᠨᠢᠯᠳᠠ᠎ᠲᠠᠢ᠂  ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠲᠠᠢ  ᠪᠤᠯᠭ᠋ᠠᠵᠤ᠂ 《ᠬᠣᠶᠠᠷ᠎ᠢ  ᠲᠤᠬᠳᠠᠭ᠋ᠠᠬᠰᠠᠨ》᠎ᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠵᠤ᠂ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠢᠨ ᠦᠯᠢᠭᠡᠷ ᠳᠠᠭᠤᠷᠢᠶᠠᠯ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠵᠢ ᠰᠠᠬᠢᠬᠤ ᠬᠡᠪ ᠳᠠᠭᠤᠷᠢᠶᠠᠯ ᠪᠣᠯᠬᠤ᠎ᠪᠠᠷ ᠴᠢᠷᠮᠠᠢ᠌ᠬᠤ ᠬᠡᠷᠡᠭᠲᠡᠢ᠃
     ᠦᠪᠤᠷ ᠮᠤᠡᠭᠭᠤᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠬᠢᠭᠡᠳ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠬᠤ ᠵᠢ ᠨᠢᠭᠡᠳᠦᠯᠲᠡᠢ ᠲᠥᠯᠥᠪᠯᠡᠨ ᠡᠠᠬᠢᠭᠤᠯᠪᠠ᠃ ᠬᠡᠷᠡᠭ ᠶᠠᠪᠤᠳᠠᠯ᠎ᠢ ᠪᠠᠷᠢᠮᠵᠢᠶᠠᠵᠢᠭᠤᠯᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠂  ᠵᠠᠰᠠᠭ᠎ᠤᠨ ᠶᠠᠪᠤᠳᠠᠯ᠎ᠢ  ᠢᠯᠡᠵᠢᠬᠦᠯᠬᠦ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠳᠦᠭᠦᠮ ᠦᠵᠡᠭᠦᠯᠬᠦ  ᠪᠠᠢ᠌ᠡᠭᠭᠤ ᠵᠢᠨ ᠤᠲᠠᠰᠤ᠂ ᠲᠣᠭ᠎ᠠ ᠪᠠᠷᠢᠮᠲᠠ ᠵᠢᠨ ᠡᠬᠢ ᠪᠠᠶᠠᠯᠢᠭ ᠵᠡᠷᠭᠡ ᠠᠵᠢᠯ᠎ᠤᠨ ᠲᠣᠭᠣᠷᠢᠨ᠎ᠳᠤ ᠤᠯᠠᠨ ᠲᠦᠮᠡᠨ᠎ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ᠂ ᠬᠡᠯᠪᠡᠷᠢᠴᠢ ᠦᠵᠡᠯ ᠵᠡᠷᠭᠡ 17 ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠡᠮᠬᠢᠯᠡᠬᠦ ᠪᠠ ᠵᠠᠯᠠᠷᠠᠭᠤᠯᠤᠨ ᠵᠠᠰᠠᠵᠤ᠂ 5 ᠠᠰᠠᠭᠤᠳᠠᠯ᠎ᠢ ᠰᠢᠢ᠍ᠳᠪᠦᠷᠢᠯᠡᠪᠡ᠃ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠠᠯ᠎ᠠ᠎ᠪᠠᠷ᠂ ᠠᠵᠤ ᠠᠬᠤᠢ᠌ᠯᠠᠯ᠂ ᠤᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠲᠠᠢ ᠪᠠᠢ᠌ᠭ᠎ᠠ 48 ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠤᠨ ᠨᠠᠷᠢᠨ ᠳᠠᠨᠭ᠌ᠰᠠ ᠵᠢ ᠲᠣᠭᠲᠠᠭ᠋ᠠᠵᠤ᠂ ᠠᠰᠠᠭᠤᠳᠠᠯ᠎ᠤᠨ ᠰᠢᠨᠵᠢ ᠴᠢᠨᠠᠷ᠂ ᠰᠢᠯᠲᠠᠭ᠋ᠠᠨ  ᠪᠠ ᠴᠡᠭᠴᠡᠯᠡᠨ ᠰᠠᠢ᠌ᠵᠢᠷᠠᠭᠤᠯᠬᠤ ᠴᠢᠭᠯᠡᠯ᠂ ᠬᠠᠷᠠᠯᠲᠠ ᠪᠣᠯᠣᠨ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠣᠳᠣᠬᠠᠨ᠎ᠳᠤ ᠨᠢᠭᠡᠨᠲᠡ 25 ᠵᠦᠢ᠍ᠯ᠎ᠢ ᠴᠡᠭᠴᠡᠯᠡᠨ ᠰᠠᠢ᠌ᠵᠢᠷᠠᠭᠤᠯᠵᠤ᠂ ᠨᠢᠭᠡ ᠪᠦᠯᠦᠭ ᠠᠵᠤ ᠠᠬᠤᠢ᠌ᠯᠠᠯ᠂ ᠤᠯᠠᠨ ᠲᠦᠮᠡᠨ᠎ᠤ ᠳᠡᠷᠭᠡᠳᠡᠬᠢ ᠪᠣᠳᠠᠲᠠᠢ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂  ᠠᠰᠠᠭᠤᠳᠠᠯ᠎ᠤᠨ ᠡᠭᠦᠰᠬᠦ ᠬᠥᠷᠥᠰᠥ ᠰᠢᠷᠣᠢ ᠵᠢ ᠡᠬᠢ ᠡᠭᠦᠰᠦᠯ᠎ᠠᠴᠠ᠎ᠨᠢ ᠠᠷᠢᠯᠭ᠋ᠠᠵᠤ᠂ ᠠᠵᠢᠯ᠎ᠤᠨ ᠦᠷ᠎ᠡ ᠪᠦᠲᠦᠮᠵᠢ᠂ ᠦᠢ᠍ᠯᠡᠴᠢᠯᠡᠭᠡᠨ᠎ᠤ ᠶᠠᠰᠤ ᠴᠢᠨᠠᠷ ᠪᠣᠯᠣᠨ ᠡᠵᠡᠩᠨᠡᠯᠲᠡ ᠵᠢᠨ ᠣᠷᠴᠢᠨ ᠲᠣᠭᠣᠷᠢᠨ᠎ᠢ ᠶᠡᠬᠡ᠎ᠪᠠᠷ ᠳᠡᠭᠡᠭᠰᠢᠯᠡᠭᠦᠯᠬᠦ ᠵᠢ ᠪᠡᠶᠡᠯᠡᠭᠦᠯᠪᠡ᠃
    ᠠᠯᠠᠱ᠌ᠠ ᠠᠢ᠌ᠮᠠᠭ᠎ᠲᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ᠂ ᠨᠡᠪᠲᠡᠷᠡᠯᠴᠡᠨ ᠠᠭᠤᠰᠤᠯᠴᠠᠭᠰᠠᠨ ᠠᠵᠢᠯ᠎ᠤᠨ ᠲᠣᠭᠲᠠᠴᠠ ᠵᠢ ᠪᠠᠢ᠌ᠭᠤᠯᠵᠤ᠂ ᠪᠠᠢ᠌ᠷᠢᠯᠠᠭᠤᠯᠬᠤ᠂ ᠰᠤᠷᠤᠯᠴᠠᠭᠤᠯᠤᠨ ᠬᠥᠮᠥᠵᠢᠭᠦᠯᠬᠦ᠂ ᠠᠰᠠᠭᠤᠳᠠᠯ᠎ᠢ ᠴᠡᠭᠴᠡᠯᠡᠨ ᠵᠠᠰᠠᠬᠤ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠦᠨᠡᠯᠡᠬᠦ ᠦᠷ᠎ᠡ ᠪᠦᠲᠦᠮᠵᠢ ᠵᠢ ᠠᠰᠠᠭᠤᠬᠤ ᠵᠡᠷᠭᠡ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠡᠭᠦᠷᠭᠡ ᠴᠢᠳᠠᠪᠤᠷᠢ ᠰᠣᠯᠪᠢᠴᠠᠬᠤ᠂ ᠠᠵᠢᠯ ᠳᠠᠪᠬᠤᠷᠳᠠᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠤᠷᠢᠯᠡᠪᠡ᠃ ᠰᠢᠯᠢᠳᠡᠭ ᠬᠦᠴᠦᠨ᠎ᠢ ᠲᠠᠲᠠᠵᠤ 3 ᠵᠢᠯᠤᠭᠣᠳᠬᠤ ᠳᠤᠭᠤᠢ᠌ᠯᠠᠩ ᠪᠠᠢ᠌ᠭᠤᠯᠵᠤ᠂ ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠤᠭᠣᠳᠴᠤ᠂ ᠪᠡᠶ᠎ᠡ᠎ᠪᠠᠷ ᠵᠶ᠋ᠡᠨ ᠦᠨᠳᠦᠰᠦᠨ ᠱᠠᠲᠤ ᠵᠢ ᠬᠠᠪᠰᠤᠷᠤᠨ ᠠᠰᠠᠭᠤᠳᠠᠯ᠎ᠢ ᠡᠷᠢᠵᠦ᠂ ᠠᠷᠭ᠎ᠠ ᠰᠦᠪᠡᠭᠴᠢᠯᠡᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ 《ᠨᠠᠮ᠎ᠤᠨ ᠰᠠᠬᠢᠯᠭ᠎ᠠ ᠨᠠᠮ᠎ᠤᠨ ᠲᠣᠭᠲᠠᠭ᠋ᠠᠯ᠎ᠢ ᠰᠡᠳᠬᠢᠯ᠎ᠳᠤ ᠬᠠᠳᠠᠩᠰᠢᠭᠤᠯᠤᠭᠰᠠᠨ ᠡᠰᠡᠬᠦ᠂ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠭᠰᠡᠨ ᠡᠰᠡᠬᠦ᠂ ᠺᠠᠳ᠋ᠷ᠎ᠤᠨ ᠰᠤᠷᠲᠠᠯ᠎ᠢ ᠦᠨᠳᠦᠰᠦᠨ᠎ᠠᠴᠠ᠎ᠨᠢ ᠬᠤᠪᠢᠷᠠᠭᠤᠯᠤᠭᠰᠠᠨ ᠡᠰᠡᠬᠦ᠂ ᠤᠯᠠᠨ ᠲᠦᠮᠡᠨ᠎ᠤ ᠰᠡᠳᠬᠢᠯ ᠬᠠᠨᠤᠮᠵᠢᠲᠠᠢ ᠪᠠᠢ᠌ᠬᠤ ᠡᠰᠡᠬᠦ ᠵᠢ ᠢᠯᠡᠳᠲᠡ ᠳᠡᠭᠡᠭᠰᠢᠯᠡᠭᠦᠯᠦᠭᠰᠡᠨ ᠡᠰᠡᠬᠦ》 ᠵᠡᠷᠬᠡ ᠲᠦᠷᠪᠡᠨ ᠲᠠᠯ᠎ᠠ᠎ᠠᠴᠠ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠨ ᠪᠠᠢ᠌ᠴᠠᠭ᠋ᠠᠪᠠ᠃ ᠢᠯᠠᠩᠭᠤᠶ᠎ᠠ ᠣᠷᠣᠨ ᠰᠠᠭᠤᠴᠠ ᠵᠢᠨ ᠦᠨᠡᠮᠯᠡᠯ ᠠᠪᠬᠤ᠎ᠳᠤ ᠬᠦᠴᠢᠷᠲᠡᠢ ᠪᠠᠢ᠌ᠬᠤ᠂ ᠰᠤᠷᠭ᠋ᠠᠭᠤᠯᠢ ᠵᠢᠨ ᠬᠦᠷᠢᠶᠡᠨ᠎ᠤ ᠭᠠᠯ᠎ᠤᠨ ᠠᠶᠤᠯ᠎ᠤᠨ ᠳᠠᠯᠳᠠ ᠬᠡᠮ ᠵᠡᠷᠭᠡ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠨᠠᠮ᠎ᠤᠨ ᠭᠡᠰᠢᠭᠦᠨ᠎ᠳᠤ ᠬᠥᠮᠦᠵᠢᠯ ᠬᠦᠷᠲᠡᠭᠡᠬᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠣᠯᠠᠨ ᠲᠦᠮᠡᠨ᠎ᠳᠤ ᠪᠣᠳᠠᠲᠤ ᠠᠰᠢᠭ ᠬᠦᠷᠳᠡᠬᠡᠬᠦ ᠵᠢ ᠪᠡᠶᠡᠯᠡᠬᠦᠯᠪᠡ᠃
    ᠦᠬᠠᠢ ᠬᠤᠲᠠ ᠵᠢᠨ ᠤᠳᠠ ᠲᠣᠭᠣᠷᠢᠭ᠎ᠤᠨ᠎ᠬᠢᠨ ᠪᠠᠢ᠌ᠷᠢᠯᠠᠭᠤᠯᠬᠤ᠂ ᠲᠥᠪᠯᠡᠷᠡᠭᠦᠯᠦᠨ ᠰᠤᠷᠤᠯᠴᠠᠬᠤ ᠠᠵᠢᠯ᠎ᠤᠨ ᠲᠣᠬᠢᠷᠠᠭᠤᠯᠤᠯᠲᠠ ᠬᠢᠬᠦ ᠵᠡᠷᠭᠡ ᠭᠣᠭᠴᠣᠭ᠎ᠠ ᠵᠢ ᠴᠢᠩᠭ᠎ᠠ ᠠᠩᠬᠠᠷᠴᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠠᠬᠢᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠭᠤᠷᠪᠠᠨ ᠵᠦᠢ᠍ᠯ᠎ᠤᠨ ᠠᠵᠢᠯ᠎ᠢ ᠠᠭᠤᠰᠤᠯᠴᠠᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠡᠪᠲᠡᠷᠡᠭᠦᠯᠪᠡ᠃ ᠭᠤᠷᠪᠠᠨ ᠵᠦᠢ᠍ᠯ᠎ᠤᠨ ᠠᠵᠢᠯ᠎ᠢ  ᠠᠬᠢᠭᠤᠯᠬᠤ ᠪᠠ ᠡᠭᠦᠷᠭᠡ ᠴᠢᠳᠠᠪᠤᠷᠢ ᠵᠢ ᠰᠢᠯᠢᠳᠡᠭᠵᠢᠭᠦᠯᠬᠦ ᠵᠢ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠴᠢᠬᠤᠯᠠ ᠪᠤᠰᠤ ᠠᠵᠢᠯ᠎ᠤᠨ ᠵᠦᠢ᠍ᠯᠡᠰ᠂ ᠠᠵᠢᠯ᠎ᠤᠨ ᠭᠣᠭᠴᠣᠭ᠎ᠠ᠎ᠳᠤ ᠵᠣᠷᠢᠭᠲᠠᠢ᠎ᠪᠠᠷ 《ᠬᠠᠰᠤᠬᠤ ᠦᠢ᠍ᠯᠡᠳᠦᠯ》 ᠬᠢᠵᠦ᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠠᠯ᠎ᠠ᠎ᠪᠠᠷ 《ᠨᠡᠮᠡᠬᠦ ᠦᠢ᠍ᠯᠡᠳᠦᠯ》 ᠬᠢᠵᠦ᠂ ᠡᠯ᠎ᠡ ᠲᠦᠷᠦᠯ᠎ᠤᠨ ᠪᠢᠴᠢᠭ ᠮᠠᠲ᠋ᠧᠷᠢᠶᠠᠯ᠂ ᠬᠤᠷᠠᠯ᠂ ᠬᠢᠨᠠᠨ ᠰᠢᠯᠭ᠋ᠠᠯᠲᠠ ᠪᠠ ᠡᠳᠦᠷ ᠲᠤᠳᠤᠮ᠎ᠤᠨ ᠠᠵᠢᠯ ᠵᠡᠷᠭᠡ ᠲᠠᠯ᠎ᠠ᠎ᠪᠠᠷ ᠳᠠᠷᠤᠭ᠋ᠠᠰᠤ ᠵᠢ ᠬᠥᠩᠭᠡᠯᠡᠬᠦ ᠬᠠᠲᠠᠭᠤ ᠠᠷᠭ᠎ᠠ᠎ᠪᠠᠷ ᠳᠠᠷᠤᠭ᠋ᠠᠰᠤ ᠵᠢ ᠬᠦᠡᠭᠭᠡᠷᠡᠬᠦᠯᠪᠡ᠃


 


    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠦᠬᠦᠳᠡ ᠬᠤᠷᠠᠯ ᠡᠬᠢᠯᠡᠪᠡ
ᠮᠠᠨ᠎ᠤ ᠤᠷᠤᠨ᠎ᠤ᠎ᠬᠢᠨ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠦᠪᠯᠡᠷᠡᠬᠦᠯᠤᠨ ᠬᠤᠳᠠᠯᠳᠤᠨ ᠠᠪᠴᠤ ᠣᠯᠠᠨ ᠲᠦᠮᠡᠨ᠎ᠤ ᠡᠮᠴᠢᠯᠡᠭᠡᠨ᠎ᠤ ᠳᠠᠷᠤᠭ᠋ᠠᠰᠤ ᠵᠢ ᠬᠥᠩᠭᠡᠯᠡᠬᠦ᠎ᠪᠠᠷ ᠴᠢᠷᠮᠠᠢ᠌ᠵᠤ ᠪᠣᠶ
ᠳᠤᠮᠳᠠᠳᠤ ᠤᠯᠤᠰ᠎ᠤᠨ ᠰᠠᠯᠪᠤᠷᠢ ᠱᠤᠭᠤᠮ᠎ᠤᠨ ᠠᠭ᠋ᠠᠷ᠎ᠤᠨ ᠠᠶᠠᠯᠠᠯ ᠪᠠ ᠰᠣᠶᠣᠯ ᠵᠤᠭ᠋ᠠᠴᠠᠯ᠎ᠢ ᠠᠭᠤᠰᠤᠯᠴᠠᠭᠤᠯᠤᠨ ᠬᠥᠭᠵᠢᠭᠦᠯᠬᠦ ᠭᠤᠷᠪᠠᠳᠤᠭ᠋ᠠᠷ ᠬᠤᠭᠤᠴᠠᠭ᠋ᠠᠨ᠎ᠤ ᠶᠡᠬᠡ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ
 
            