ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠪᠠ
ᠨᠡᠶᠢᠲᠡᠯᠡᠭᠰᠡᠨ ᠴᠠᠭ᠄ 2024-07-25

  ᠶᠤᠤ ᠶᠦᠩ ᠪᠥᠸᠧ ᠬᠤᠷᠠᠯ᠎ᠳᠤ ᠤᠷᠤᠯᠴᠠᠵᠠᠢ


    ᠮᠠᠨ᠎ᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠵᠢᠨ ᠲᠠᠯᠠᠪᠠᠢ ᠵᠢᠨ ᠬᠤᠷᠠᠯ 7 ᠳ᠋ᠤᠭ᠋ᠠᠷ ᠰᠠᠷ᠎ᠠ ᠵᠢᠨ 24 ᠎ᠤ ᠡᠳᠦᠷ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠬᠤᠷᠠᠯ᠎ᠳᠤ ᠣᠷᠣᠯᠴᠠᠵᠤ ᠶᠠᠷᠢᠶ᠎ᠠ  ᠲᠠᠯᠪᠢᠯ᠎ᠠ᠃
   ᠬᠤᠷᠠᠯ ᠲᠡᠬᠡᠷ᠎ᠡ᠄ 《ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠵᠢᠨ ᠴᠢᠬᠤᠯᠠ ᠪᠦᠬᠡᠳ ᠲᠤᠯᠭ᠋ᠠᠮ ᠴᠢᠨᠠᠷ᠎ᠢ ᠭᠦᠨᠵᠡᠭᠡᠢ ᠣᠢ᠌ᠯᠠᠭ᠋ᠠᠵᠤ᠂ ᠰᠢᠨ᠎ᠡ ᠱᠠᠲᠤᠨ᠎ᠳᠤ ᠰᠠᠭᠤᠷᠢᠯᠠᠵᠤ᠂ ᠰᠢᠨ᠎ᠡ ᠱᠠᠭ᠋ᠠᠷᠳᠠᠯᠭ᠎ᠠ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ ᠪᠠᠢ᠌ᠭ᠋ᠠᠳ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠤᠷᠳᠤ ᠬᠤᠭᠤᠴᠠᠭ᠎ᠠ᠎ᠪᠠᠷ ᠰᠠᠢ᠌ᠲᠤᠷ ᠠᠳᠬᠤᠬᠤ ᠬᠡᠷᠡᠭᠲᠡᠢ᠃ ᠠᠵᠢᠯ ᠎ᠤᠨ ᠭᠣᠣᠯᠳᠠᠯᠭ᠎ᠠ᠎ᠪᠠᠨ ᠲᠣᠪᠤᠢ᠌ᠯᠭ᠋ᠠᠨ᠂ ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢ ᠡᠵᠡᠮᠳᠡᠵᠦ᠂ ᠲᠥᠷᠥᠯ ᠬᠤᠪᠢᠶᠠᠨ  ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢᠨ ᠡᠭᠦᠷᠭᠡ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠠᠵᠢᠯ᠎ᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ》 ᠬᠡᠵᠡᠢ᠃
    ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠰᠢᠯᠢᠩᠬᠣᠲᠠ ᠵᠢᠨ ᠱᠧᠩ ᠯᠢ ᠨᠢᠭᠡᠳᠦᠭᠡᠷ ᠪᠠ ᠱᠧᠩ ᠯᠢ ᠪᠠᠷᠠᠭᠤᠨ ᠬᠣᠶᠠᠳᠤᠭ᠋ᠠᠷ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠲᠣᠭᠣᠷᠢᠨ ᠦᠵᠡᠵᠡᠬᠡᠪᠡ᠃


  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠲᠤᠰᠬᠠᠢ ᠪᠡᠯᠡ ᠮᠥᠩᠭᠥ 5000 ᠲᠦᠮᠡᠨ ᠲᠥᠭᠥᠷᠢᠭ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠪᠠ
ᠪᠦᠬᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠬᠣᠶᠠᠷ — ᠠᠩᠬ᠎ᠠ ᠤᠳᠠᠭ᠎ᠠ ᠰᠢᠰᠲ᠋ᠧᠮ᠎ᠲᠠᠢ ᠪᠠᠢ᠌ᠷᠢᠯᠠᠭᠤᠯᠪᠠ! ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ᠎ᠤ ᠰᠠᠨᠠᠯ ᠲᠠᠷᠤᠮᠠᠯᠯᠠᠨ ᠲᠠᠷᠬᠠᠭ᠋ᠠᠪᠠ
ᠮᠠᠨ᠎ᠤ ᠣᠷᠣᠨ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ 8 ᠲᠠᠯ᠎ᠠ᠎ᠪᠠᠷ ᠠᠬᠢᠭᠤᠯᠵᠤ ᠪᠠᠢ᠌ᠨ᠎ᠠ
ᠮᠠᠨ᠎ᠤ ᠣᠷᠣᠨ ᠱᠠᠨᠳᠦ᠋ᠩ ᠮᠤᠵᠢ ᠵᠢᠨ᠎ᠬᠢᠨ᠎ᠲᠠᠢ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠯ᠎ᠠ
ᠠᠷᠪᠠᠨ ᠳᠣᠯᠣᠳᠤᠭ᠋ᠠᠷ ᠬᠤᠭᠤᠴᠠᠭ᠋ᠠᠨ᠎ᠤ (2024) ᠦᠬᠡᠷ᠎ᠤᠨ ᠦᠢ᠍ᠯᠡᠰ᠎ᠢ ᠬᠦᠭᠵᠢᠬᠦᠯᠬᠦ ᠠᠵᠢᠯ᠎ᠤᠨ ᠶᠡᠬᠡ ᠬᠤᠷᠠᠯ ᠲᠦᠩᠯᠢᠶᠣᠣ ᠬᠣᠲᠠ᠎ᠳᠤ ᠡᠬᠢᠯᠡᠪᠡ
 
            