ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠦᠬᠦᠳᠡ ᠬᠤᠷᠠᠯ ᠡᠬᠢᠯᠡᠪᠡ
ᠯᠢ ᠢᠦᠢ ᠭᠠᠩ ᠶᠠᠷᠢᠶ᠎ᠠ ᠲᠠᠯᠪᠢᠵᠤ ᠦ᠋ ᠶᠠᠨ ᠭᠠᠩ᠂ ᠪᠦᠦ ᠰᠢᠶᠠᠨ ᠬᠤᠸᠠ᠂ ᠶᠠᠩ ᠵᠢᠶᠸ ᠨᠠᠷ ᠬᠤᠷᠠᠯ᠎ᠳᠤ ᠤᠷᠤᠯᠴᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠥᠬᠥᠳᠡ ᠬᠤᠷᠠᠯ ᠪᠠ ᠰᠤᠷᠤᠭᠴᠢᠳ᠎ᠤᠨ ᠬᠣᠯᠪᠣᠭ᠎ᠠ ᠵᠢᠨ ᠠᠷᠪᠠᠳᠤᠭ᠋ᠠᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ 6 ᠳ᠋ᠤᠭ᠋ᠠᠷ ᠰᠠᠷ᠎ᠠ ᠵᠢᠨ 26᠎ᠤ ᠡᠳᠦᠷ ᠬᠥᠬᠡᠬᠣᠲᠠ᠎ᠳᠤ ᠡᠬᠢᠯᠡᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠦ᠋ ᠶᠠᠨ ᠭᠠᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠵᠢᠶᠧ ᠨᠠᠷ ᠬᠤᠷᠠᠯ᠎ᠳᠤ ᠣᠷᠣᠯᠴᠠᠪᠠ᠃
ᠬᠤᠷᠠᠯ ᠲᠡᠬᠡᠷ᠎ᠡ᠄ 《ᠡᠯ᠎ᠡ ᠱᠠᠲᠤᠨ᠎ᠤ ᠵᠠᠯᠠᠭᠤᠴᠤᠳ᠎ᠤᠨ ᠬᠣᠯᠪᠣᠭ᠎ᠠ᠂ ᠰᠤᠷᠤᠭᠴᠢᠳ᠎ᠤᠨ ᠬᠣᠯᠪᠣᠭ᠎ᠠ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ 〈ᠵᠠᠯᠠᠭᠤᠴᠤᠳ᠎ᠤᠨ ᠪᠦᠯᠦᠭ〉 ᠤᠨ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠪᠠᠷ ᠠᠵᠢᠯ ᠵᠶ᠋ᠠᠨ ᠥᠷᠨᠢᠭᠦᠯᠵᠦ᠂ ᠵᠠᠯᠠᠭᠤᠴᠤᠳ ᠪᠣᠯᠣᠨ ᠵᠠᠯᠠᠭᠤ ᠰᠤᠷᠤᠭᠴᠢᠳ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠭᠣᠣᠯ ᠱᠤᠭᠤᠮ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠰᠢᠷᠭ᠋ᠠᠭᠤ ᠬᠠᠲᠠᠭᠤᠵᠢᠯᠲᠠᠢ ᠲᠡᠮᠡᠴᠡᠵᠦ᠂ ᠢᠮᠠᠭᠲᠠ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠬᠦ ᠲᠡᠮᠡᠴᠡᠭᠴᠢ ᠪᠣᠯᠬᠤ ᠬᠡᠷᠡᠭᠲᠡᠢ》 ᠬᠡᠵᠡᠢ᠃