ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ᠎ᠤ᠎ᠬᠢᠨ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠦᠪᠯᠡᠷᠡᠬᠦᠯᠤᠨ ᠬᠤᠳᠠᠯᠳᠤᠨ ᠠᠪᠴᠤ ᠣᠯᠠᠨ ᠲᠦᠮᠡᠨ᠎ᠤ ᠡᠮᠴᠢᠯᠡᠭᠡᠨ᠎ᠤ ᠳᠠᠷᠤᠭ᠋ᠠᠰᠤ ᠵᠢ ᠬᠥᠩᠭᠡᠯᠡᠬᠦ᠎ᠪᠠᠷ ᠴᠢᠷᠮᠠᠢ᠌ᠵᠤ ᠪᠣᠶ
ᠨᠡᠶᠢᠲᠡᠯᠡᠭᠰᠡᠨ ᠴᠠᠭ᠄ 2024-07-03

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠮᠠᠨ᠎ᠤ ᠤᠷᠤᠨ ᠦᠨᠤ ᠵᠢᠯ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠵᠶ᠋ᠠᠨ ᠴᠢᠩᠭ᠋ᠠᠳᠬᠠᠵᠤ᠂  ᠬᠤᠯᠪᠤᠭ᠋ᠠᠯᠠᠬᠤ ᠪᠠ ᠣᠷᠣᠨ ᠨᠤᠲᠤᠭ ᠬᠣᠶᠠᠷ ᠲᠠᠯ᠎ᠠ᠎ᠪᠠᠷ ᠭᠣᠣᠯᠳᠠᠯᠭ᠎ᠠ᠎ᠲᠠᠢ ᠠᠵᠢᠯ ᠥᠷᠨᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠬᠦ ᠵᠢᠨ ᠬᠠᠮᠲᠤ ᠲᠥᠪᠯᠡᠷᠡᠭᠦᠯᠦᠨ  ᠬᠤᠳᠠᠯᠳᠤᠨ ᠠᠪᠤᠬᠰᠠᠨ ᠪᠠᠢ᠌ᠳᠠᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠠᠭᠤᠷᠢ ᠮᠥᠩᠭᠥ ᠵᠢᠨ 《ᠨᠢᠰᠦᠯᠲᠡ ᠵᠢᠨ ᠪᠠᠢ᠌ᠴᠠᠭ᠋ᠠᠯᠲᠠ》᠎ᠳᠤ ᠪᠥᠬᠥ ᠲᠠᠯ᠎ᠠ᠎ᠪᠠᠷ ᠣᠷᠣᠭᠤᠯᠵᠤ᠂ ᠣᠯᠠᠨ ᠲᠦᠮᠡᠨ᠎ᠤ 《ᠠᠮᠢ ᠠᠪᠤᠷᠠᠬᠤ ᠮᠥᠩᠭᠥ》 ᠵᠢ ᠰᠠᠢ᠌ᠲᠤᠷ ᠬᠠᠮᠠᠭ᠋ᠠᠯᠠᠵᠤ ᠪᠠᠢ᠌ᠨ᠎ᠠ᠃
   ᠡᠭᠦᠨ᠎ᠳᠤ ᠡᠮ᠎ᠤᠨ ᠵᠦᠢ᠍ᠯ᠎ᠤᠨ ᠲᠠᠯ᠎ᠠ᠎ᠪᠠᠷ ᠬᠤᠪᠧᠢ ᠮᠤᠵᠢ ᠵᠢᠨ᠎ᠬᠢᠨ᠎ᠤ ᠲᠦᠷᠦᠭᠦᠯᠡᠨ ᠬᠢᠵᠤ ᠪᠠᠢ᠌ᠭ᠎ᠠ ᠬᠢᠲᠠᠳ ᠪᠡᠯᠡᠨ ᠡᠮ᠎ᠤᠨ ᠬᠣᠯᠪᠣᠭ᠎ᠠ᠂ ᠱᠠᠨᠳᠦ᠋ᠩ ᠮᠤᠵᠢ ᠵᠢᠨ᠎ᠬᠢᠨ᠎ᠠᠴᠠ ᠲᠦᠷᠦᠭᠦᠯᠡᠨ ᠬᠢᠵᠤ ᠪᠠᠢ᠌ᠭ᠎ᠠ ᠬᠢᠲᠠᠳ ᠬᠡᠷᠴᠢᠮ ᠡᠮ᠎ᠤᠨ ᠬᠣᠯᠪᠣᠭ᠎ᠠ᠂ ᠾᠧᠨᠠᠨ  ᠮᠤᠵᠢ ᠵᠢᠨ᠎ᠬᠢᠨ᠎ᠠᠴᠠ ᠲᠦᠷᠦᠭᠦᠯᠡᠨ ᠬᠢᠵᠤ ᠪᠠᠢ᠌ᠭ᠎ᠠ 《ᠭᠦᠸᠧ ᠼᠠᠢ》 ᠣᠷᠣᠯᠠᠵᠤ ᠪᠣᠯᠬᠤ ᠡᠮ᠎ᠤᠨ ᠵᠦᠢ᠍ᠯ᠎ᠤᠨ ᠬᠣᠯᠪᠣᠭ᠎ᠠ᠂ 《ᠰᠠᠨ ᠮᠢᠩ》 ᠲᠦᠷᠦᠭᠦᠯᠡᠨ ᠬᠢᠬᠦ ᠬᠠᠪᠤᠳᠠᠷ ᠪᠠ ᠠᠮᠢᠰᠬᠤᠯ᠎ᠤᠨ ᠰᠢᠰᠲ᠋ᠧᠮ ᠵᠡᠷᠭᠡ ᠲᠥᠪᠯᠡᠷᠡᠭᠦᠯᠦᠨ ᠴᠤᠭᠯᠠᠭᠤᠯᠬᠤ ᠠᠵᠢᠯ᠎ᠳᠤ ᠢᠳᠡᠪᠬᠢᠲᠡᠢ ᠤᠷᠤᠯᠴᠠᠪᠠ᠃ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠠᠯ᠎ᠠ᠎ᠪᠠᠷ ᠵᠢᠶᠠᠩᠰᠢ ᠮᠤᠵᠢ ᠵᠢᠨ᠎ᠬᠢᠨ᠎ᠤ ᠲᠦᠷᠦᠭᠦᠯᠡᠨ ᠬᠢᠵᠤ ᠪᠠᠢ᠌ᠭ᠎ᠠ ᠠᠮᠢᠳᠤ ᠪᠣᠳᠠᠰ᠎ᠤᠨ ᠬᠢᠮᠢ ᠵᠢᠨ ᠲᠦᠷᠦᠯ᠎ᠤᠨ ᠪᠠ ᠠᠨᠾᠦ᠋ᠢ ᠮᠤᠵᠢ ᠵᠢᠨ᠎ᠬᠢᠨ᠎ᠠᠴᠠ ᠲᠦᠷᠦᠭᠦᠯᠡᠨ  ᠬᠢᠵᠤ ᠪᠠᠢ᠌ᠭ᠎ᠠ ᠬᠠᠪᠤᠳᠠᠷ᠎ᠤᠨ ᠲᠡᠮᠳᠡᠭ ᠪᠣᠳᠠᠰ ᠵᠡᠷᠭᠡ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠤᠨ ᠬᠣᠯᠪᠣᠭ᠎ᠠ᠂ ᠭᠤᠸᠠᠩᠳᠦ᠋ᠩ ᠮᠤᠵᠢ ᠵᠢᠨ᠎ᠬᠢᠨ᠎ᠤ ᠲᠦᠷᠦᠭᠦᠯᠡᠨ ᠬᠢᠵᠤ ᠪᠠᠢ᠌ᠭ᠎ᠠ ᠬᠡᠳᠦ ᠳᠠᠭᠤᠨ᠎ᠤ ᠬᠢᠲᠤᠭ᠎ᠠ ᠵᠢᠨ ᠬᠣᠯᠪᠣᠭ᠎ᠠ᠂ ᠵᠧᠵᠢᠶᠠᠩ ᠮᠤᠵᠢ ᠵᠢᠨ᠎ᠬᠢᠨ᠎ᠤ ᠲᠦᠷᠦᠭᠦᠯᠡᠨ ᠬᠢᠵᠤ ᠪᠠᠢ᠌ᠭ᠎ᠠ ᠬᠥᠬᠥᠨ᠎ᠤ ᠡᠷᠭᠢᠯᠳᠦᠭᠦᠯᠦᠨ ᠬᠡᠷᠴᠢᠬᠦ ᠵᠡᠭᠦᠦ ᠵᠢᠨ ᠬᠣᠯᠪᠣᠭ᠎ᠠ᠂ ᠹᠦᠵᠢᠶᠠᠨ ᠮᠤᠵᠢ ᠵᠢᠨ᠎ᠬᠢᠨ᠎ᠤ ᠲᠦᠷᠦᠭᠦᠯᠡᠨ ᠴᠢᠰᠤᠨ ᠰᠤᠳᠠᠯ᠎ᠤᠨ ᠨᠡᠬᠡᠳᠡᠰᠦ ᠵᠢ ᠪᠢᠲᠡᠭᠦᠮᠵᠢᠯᠡᠬᠦ᠎ᠳᠤ ᠬᠡᠷᠡᠭᠯᠡᠬᠦ ᠵᠠᠩᠭᠢᠳᠬᠤ ᠬᠠᠪᠴᠢᠭᠤᠷ᠎ᠤᠨ ᠬᠣᠯᠪᠣᠭ᠎ᠠ ᠵᠢᠨ ᠬᠤᠳᠠᠯᠳᠤᠨ ᠠᠪᠬᠤ ᠠᠵᠢᠯ᠎ᠳᠤ ᠢᠳᠡᠪᠬᠢᠳᠡᠢ ᠤᠷᠤᠯᠴᠠᠬᠰᠠᠨ᠎ᠤ ᠬᠠᠮᠲᠤ ᠤᠷᠢᠳᠴᠢᠯᠠᠨ ᠴᠡᠨᠡᠭᠯᠡᠬᠦ ᠮᠠᠶᠢᠭ᠎ᠤᠨ ᠳᠠᠮᠵᠢᠭᠤᠯᠬᠤ ᠬᠣᠭᠣᠯᠠᠢ ᠵᠢᠨ ᠤᠬᠢᠶᠠᠭᠤᠷ᠎ᠢ ᠵᠤᠬᠢᠬᠤ ᠬᠡᠮᠵᠢᠶ᠎ᠡ᠎ᠲᠠᠢ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠦᠷᠭᠦᠯᠵᠢᠯᠡᠨ ᠠᠬᠢᠭᠤᠯᠵᠤ ᠪᠠᠢ᠌ᠨ᠎ᠠ᠃
    ᠡᠭᠦᠨ᠎ᠠᠴᠠ ᠭᠠᠳᠠᠨ᠎ᠠ 《ᠨᠢᠰᠦᠯᠲᠡ ᠵᠢᠨ ᠪᠠᠢ᠌ᠴᠠᠭ᠋ᠠᠯᠲᠠ》 ᠵᠢᠨ ᠳᠤᠮᠳᠠ ᠪᠠᠢ᠌ᠴᠠᠭ᠋ᠠᠵᠤ ᠭᠠᠷᠭ᠋ᠠᠭᠰᠠᠨ ᠰᠦᠯᠵᠢᠶᠡᠨ ᠭᠠᠳᠠᠨ᠎ᠠ ᠲᠡᠡᠭᠳᠡᠬᠦᠤ ᠦᠨ᠎ᠡ᠎ᠲᠠᠢ᠎ᠠᠴᠠ ᠪᠤᠯᠵᠤ ᠰᠣᠩᠭᠣᠭᠳᠠᠭᠰᠠᠨ ᠦᠭᠡᠢ ᠦᠢ᠍ᠯᠡᠳᠬᠦᠨ᠎ᠢ ᠬᠤᠳᠠᠯᠳᠤᠨ ᠠᠪᠤᠭᠰᠠᠨ᠂ ᠬᠡᠷᠡᠭᠯᠡᠭᠰᠡᠨ ᠵᠡᠷᠭᠡ ᠠᠰᠠᠭᠤᠳᠠᠯ᠎ᠢ ᠡᠮᠴᠢᠯᠡᠭᠡᠨ᠎ᠤ ᠪᠠᠢ᠌ᠭᠤᠯᠤᠮᠵᠢ ᠪᠠ ᠠᠵᠤ ᠠᠬᠤᠢ᠌ᠯᠠᠯ᠎ᠳᠤ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠵᠤ᠂ ᠳᠠᠭ᠋ᠠᠳᠬᠠᠯ᠎ᠢ ᠮᠡᠬᠡᠯᠡᠭᠰᠡᠨ ᠰᠡᠵᠢᠭᠯᠡᠯᠲᠡᠢ ᠦᠢᠯᠡ ᠠᠵᠢᠯᠯᠠᠭ᠎ᠠ ᠵᠢ ᠮᠡᠳᠡᠭᠰᠡᠨ ᠲᠠᠷᠤᠢ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ᠂ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠤᠷᠢᠯᠡᠬᠦᠯᠪᠡ ᠃








 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠰᠠᠯᠪᠤᠷᠢ ᠱᠤᠭᠤᠮ᠎ᠤᠨ ᠠᠭ᠋ᠠᠷ᠎ᠤᠨ ᠠᠶᠠᠯᠠᠯ ᠪᠠ ᠰᠣᠶᠣᠯ ᠵᠤᠭ᠋ᠠᠴᠠᠯ᠎ᠢ ᠠᠭᠤᠰᠤᠯᠴᠠᠭᠤᠯᠤᠨ ᠬᠥᠭᠵᠢᠭᠦᠯᠬᠦ ᠭᠤᠷᠪᠠᠳᠤᠭ᠋ᠠᠷ ᠬᠤᠭᠤᠴᠠᠭ᠋ᠠᠨ᠎ᠤ ᠶᠡᠬᠡ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ
 
            