ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ 8 ᠲᠠᠯ᠎ᠠ᠎ᠪᠠᠷ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-08-14

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ 8 ᠳ᠋ᠤᠭ᠋ᠠᠷ ᠰᠠᠷ᠎ᠠ ᠵᠢᠨ 13᠎ᠤ ᠡᠳᠦᠷ  ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂  ᠤᠷᠴᠢᠮ᠎ᠳᠤ ᠳᠠᠷᠤᠮᠠᠯᠯᠠᠨ ᠲᠠᠷᠬᠠᠭ᠋ᠠᠭᠰᠠᠨ 《ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠳᠤ ᠲᠠᠢ᠌ᠯᠤᠮᠵᠢ ᠬᠢᠪᠡ᠃ ᠰᠤᠷᠪᠤᠯᠵᠢᠯᠠᠭᠴᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠮᠠᠨ᠎ᠤ ᠣᠷᠣᠨ ᠪᠠᠢ᠌ᠭ᠋ᠠᠯᠢ ᠵᠢᠨ ᠠᠮᠢ ᠠᠬᠤᠢ ᠵᠢᠨ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠬᠦ᠎ᠠᠴᠠ ᠬᠦᠭᠵᠢᠬᠦᠯᠤᠯᠳᠡ ᠵᠢᠨ ᠠᠷᠭ᠎ᠠ ᠮᠠᠶᠢᠭ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢ ᠲᠦᠷᠭᠡᠨ ᠠᠬᠢᠭᠤᠯᠵᠤ᠂ ᠦᠵᠡᠰᠬᠦᠯᠡᠩᠲᠦ ᠬᠣᠲᠠ ᠪᠠ ᠦᠵᠡᠰᠬᠦᠯᠡᠩᠲᠦ ᠬᠥᠳᠡᠭᠡ ᠲᠣᠰᠬᠣᠨ᠎ᠢ ᠲᠦᠷᠭᠡᠨ ᠪᠦᠲᠦᠭᠡᠨ ᠪᠠᠢ᠌ᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠦᠷᠭᠦᠯᠵᠢᠯᠡᠨ  ᠰᠠᠢ᠌ᠵᠢᠷᠠᠭᠤᠯᠤᠨ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠦᠷᠬᠡᠬᠦ ᠪᠠ ᠨᠡᠭᠦᠷᠡᠰᠦᠲᠥ᠋ᠷᠥᠭᠴᠢ ᠵᠢᠨ ᠰᠠᠭ᠋ᠠᠷᠮᠠᠬ᠍ᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠬᠠᠮᠠᠭ᠋ᠠᠯᠠᠨ᠂ ᠦᠵᠡᠰᠬᠦᠯᠡᠩᠲᠦ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ ᠪᠥᠬᠥ ᠠᠷᠠᠳ᠎ᠤᠨ ᠠᠵᠢᠯᠯᠠᠭ᠎ᠠ ᠵᠢ ᠠᠬᠢᠭᠤᠯᠵᠤ᠂ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠰᠢᠰᠲᠸᠮ᠎ᠢ  ᠲᠡᠬᠦᠯᠳᠡᠷᠵᠢᠬᠦᠯᠬᠦ ᠵᠡᠷᠭᠡ 8 ᠲᠠᠯ᠎ᠠ᠎ᠪᠠᠷ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ ᠠᠬᠢᠭᠤᠯᠬᠤ ᠪᠤᠯᠤᠨ᠎ᠠ᠃
    ᠣᠢ᠌ᠯᠠᠭ᠋ᠠᠭᠰᠠᠨ ᠵᠶ᠋ᠠᠷ᠂ 《ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠨᠢ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠤᠨ᠂ ᠣᠶ ᠰᠢᠭᠤᠢ᠂ ᠨᠤᠲᠤᠭ ᠪᠡᠯᠴᠢᠭᠡᠷ᠂ ᠭᠣᠣᠯ ᠮᠥᠷᠡᠨ ᠨᠠᠭᠤᠷ ᠴᠥᠭᠥᠷᠥᠮ ᠵᠡᠷᠭᠡ ᠵᠠᠩᠭᠢᠯᠠᠭ᠎ᠠ ᠵᠢᠨ ᠠᠮᠢ ᠠᠬᠤᠢ ᠵᠢᠨ ᠬᠦᠴᠦᠨ ᠵᠦᠢ᠍ᠯ᠎ᠳᠤ ᠴᠢᠭᠯᠡᠭᠦᠯᠦᠨ᠂ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ ᠴᠢᠬᠤᠯᠠ ᠡᠭᠦᠷᠭᠡ ᠵᠢᠨ ᠲᠤᠬᠠᠢ ᠪᠥᠬᠥ ᠲᠠᠯ᠎ᠠ᠎ᠪᠠᠷ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠵᠦ᠂ ᠬᠠᠮᠠᠭ᠋ᠠᠯᠠᠨ ᠵᠠᠰᠠᠬᠤ ᠪᠠᠢ᠌ᠷᠢᠰᠢᠯ᠎ᠢ ᠪᠠᠶ᠋ᠢᠭᠤᠯᠬᠤ ᠵᠢ ᠠᠬᠢᠭᠤᠯᠪᠠ᠃  《ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠳᠤ ᠪᠠᠰᠨ ᠮᠠᠨ᠎ᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠂ ᠤᠯᠤᠰ᠎ᠠᠴᠠ ᠤᠮᠠᠷᠠᠰᠢ ᠴᠢᠬᠤᠯᠠ ᠪᠡᠬᠢᠯᠡᠯᠲᠡ ᠨᠡᠭᠡᠭᠡᠬᠦ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠎ᠲᠠᠢ ᠤᠶᠠᠯᠳᠤᠭᠤᠯᠤᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠣᠬᠢᠷᠲᠤᠯ ᠦᠭᠡᠢ ᠪᠣᠯᠭ᠋ᠠᠬᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠡᠨᠧᠷᠭᠢ ᠵᠢᠨ ᠰᠤᠷᠪᠤᠯᠵᠢ᠂ ᠠᠵᠤ ᠦᠢ᠍ᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠵᠡᠷᠭᠡ  ᠬᠦᠷᠢᠶ᠎ᠡ ᠴᠠᠷᠠᠭ᠎ᠠ᠎ᠳᠤ᠎ᠬᠢ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢ ᠲᠦᠷᠭᠡᠨ ᠠᠬᠢᠭᠤᠯᠵᠤ᠂ ᠪᠣᠬᠢᠷᠲᠤᠯ ᠦᠭᠡᠢ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠴᠢᠩᠭ᠋ᠠᠳᠬᠠᠬᠤ ᠵᠢᠨ ᠬᠠᠮᠲᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠬᠦᠭᠵᠢᠬᠦᠯᠤᠯᠳᠡ ᠵᠢᠨ ᠪᠠᠢ᠌ᠷᠢᠰᠢᠯ᠂ ᠠᠵᠤ ᠦᠢ᠍ᠯᠡᠰ᠎ᠤᠨ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠬᠤᠪᠢᠷᠠᠭᠤᠯᠬᠤ᠂ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠡᠷᠭᠡ ᠡᠭᠦᠷᠭᠡ ᠵᠢ ᠨᠠᠷᠢᠯᠢᠭᠵᠢᠭᠤᠯᠵᠤ᠂ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠡᠭᠭ᠋ᠠᠷᠠᠭᠤᠯᠬᠤ ᠪᠤᠯᠤᠨ᠎ᠠ᠃
   



             
      

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠱᠠᠨᠳᠦ᠋ᠩ ᠮᠤᠵᠢ ᠵᠢᠨ᠎ᠬᠢᠨ᠎ᠲᠠᠢ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠯ᠎ᠠ
ᠠᠷᠪᠠᠨ ᠳᠣᠯᠣᠳᠤᠭ᠋ᠠᠷ ᠬᠤᠭᠤᠴᠠᠭ᠋ᠠᠨ᠎ᠤ (2024) ᠦᠬᠡᠷ᠎ᠤᠨ ᠦᠢ᠍ᠯᠡᠰ᠎ᠢ ᠬᠦᠭᠵᠢᠬᠦᠯᠬᠦ ᠠᠵᠢᠯ᠎ᠤᠨ ᠶᠡᠬᠡ ᠬᠤᠷᠠᠯ ᠲᠦᠩᠯᠢᠶᠣᠣ ᠬᠣᠲᠠ᠎ᠳᠤ ᠡᠬᠢᠯᠡᠪᠡ
ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ᠎ᠲᠠᠢ ᠶᠠᠪᠤᠬᠳᠠᠵᠤ ᠪᠠᠢ᠌ᠨ᠎ᠠ
ᠮᠠᠨ᠎ᠤ ᠣᠷᠣᠨ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ
2024 ᠣᠨ᠎ᠳᠤ ᠪᠦᠬᠦ ᠤᠯᠤᠰ᠎ᠤᠨ ᠲᠦᠮᠡᠨ ᠬᠥᠮᠥᠨ᠎ᠤ ᠬᠠᠮᠲᠤ ᠵᠢᠨ ᠬᠤᠷᠢᠮ᠎ᠤᠨ ᠶᠣᠰᠣᠯᠠᠯ ᠪᠣᠯᠬᠤ 《ᠤᠮᠠᠷᠠᠲᠤ ᠬᠢᠯᠢ᠎ᠳᠤ ᠬᠠᠢ᠌ᠷ᠎ᠠ ᠮᠢᠨᠢ ᠪᠤᠢ》 — ᠥᠪᠥᠷ ᠮᠣᠩᠭᠣᠯ᠎ᠤᠨ ᠬᠤᠪᠢᠶᠠᠷᠢ ᠲᠠᠯᠠᠪᠠᠢ ᠠᠵᠢᠯᠯᠠᠭ᠎ᠠ ᠶᠠᠪᠤᠭᠳᠠᠪᠠ
 
            