ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠱᠠᠨᠳᠦ᠋ᠩ ᠮᠤᠵᠢ ᠵᠢᠨ᠎ᠬᠢᠨ᠎ᠲᠠᠢ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠯ᠎ᠠ
ᠨᠡᠶᠢᠲᠡᠯᠡᠭᠰᠡᠨ ᠴᠠᠭ᠄ 2024-08-14

ᠶᠤᠤ ᠶᠦᠡᠭ ᠪᠦᠸᠸ᠂ ᠵᠸᠤ ᠯᠢ ᠸᠸᠢ ᠨᠠᠷ ᠵᠦᠪᠳᠡᠯᠴᠡᠬᠡᠷ᠎ᠲᠤ ᠤᠷᠤᠯᠴᠠᠵᠠᠢ

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠱᠠᠨᠳᠦ᠋ᠩ ᠮᠤᠵᠢ ᠵᠢᠨ᠎ᠬᠢᠨ 8 ᠰᠠᠷ᠎ᠠ ᠵᠢᠨ 13 ᠎ᠤ ᠦᠳᠡ ᠵᠢᠨ ᠡᠮᠦᠨ᠎ᠡ ᠬᠥᠬᠡᠬᠣᠲᠠ᠎ᠳᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠳᠤᠷᠠᠯᠴᠠᠭ᠋ᠠᠨ᠎ᠤ ᠪᠦᠳᠤᠬᠦᠪᠴᠢ ᠵᠦᠪᠳᠡᠯᠴᠡᠬᠡᠷ ᠲᠤᠬᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠮᠦ᠍ ᠶᠦᠩ ᠪᠥᠸᠧ᠂ ᠱᠠᠨᠳᠦ᠋ᠩ ᠮᠤᠵᠢ ᠵᠢᠨ ᠳᠡᠳ᠋ ᠳᠠᠷᠤᠭ᠎ᠠ ᠵᠧᠦ ᠯᠢ ᠸᠧᠢ ᠭᠡᠷ᠎ᠡ ᠲᠣᠭᠲᠠᠬᠤ ᠶᠤᠰᠤᠯᠠᠯ᠎ᠳᠤ ᠤᠷᠤᠯᠴᠠᠯ᠎ᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠱᠠᠨᠳᠦ᠋ᠩ ᠮᠤᠵᠢ ᠵᠢᠨ ᠤᠯᠤᠰ᠎ᠤᠨ ᠦᠮᠴᠢᠯᠡᠯᠳᠤ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠭᠣᠣᠯ ᠬᠠᠷᠢᠭᠤᠴᠠᠯᠭ᠋ᠠᠲᠠᠨ ᠨᠥᠬᠥᠳ ᠵᠥᠪᠯᠡᠯᠴᠡᠭᠡᠷ ᠶᠣᠰᠣᠭ᠋ᠠᠷ ᠡᠨᠧᠷᠭᠢ᠂ ᠴᠠᠬᠢᠯᠭ᠋ᠠᠨ ᠬᠦᠴᠦᠨ᠎ᠤ  ᠵᠠᠮ᠂ ᠰᠣᠶᠣᠯ ᠵᠤᠭ᠋ᠠᠴᠠᠯ᠂ ᠵᠠᠮ ᠬᠠᠷᠢᠯᠴᠠᠭ᠎ᠠ᠂ ᠪᠣᠭᠣᠮᠲᠠ ᠵᠢᠨ ᠠᠷᠠᠯᠵᠢᠶ᠎ᠠ᠂ ᠤᠰᠤᠨ ᠠᠰᠢᠭᠯᠠᠯᠲᠠ᠂ ᠤᠳᠤ ᠦᠶ᠎ᠡ ᠵᠢᠨ ᠬᠥᠳᠡᠭᠡ ᠠᠵᠤ ᠠᠬᠤᠢ᠂ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ ᠪᠠ ᠠᠮᠢ ᠠᠬᠤᠢ ᠵᠢᠨ ᠬᠠᠮᠠᠭ᠋ᠠᠯᠠᠯᠲᠠ᠂ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠬᠠᠮᠵᠢᠯᠴᠠᠭ᠎ᠠ᠂ ᠰᠢᠨᠵᠢᠯᠡᠬᠦ ᠮᠡᠷᠭᠡᠵᠢᠯ᠎ᠤᠨ ᠰᠢᠨ᠎ᠡ ᠡᠬᠦᠳᠤᠯᠳᠡ ᠵᠡᠷᠭᠡ 10 ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠭᠠᠵᠠᠷ᠎ᠤᠨ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ  ᠦᠮᠴᠢᠯᠡᠯᠳᠤ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠠᠬᠢᠭᠤᠯᠵᠤ᠂ ᠬᠠᠷᠢᠯᠴᠠᠨ ᠠᠰᠢᠭᠲᠠᠢ ᠬᠠᠮᠳᠤ᠎ᠪᠠᠷ ᠠᠰᠢᠭ ᠬᠦᠷᠳᠡᠬᠦ ᠪᠤᠯᠤᠨ᠎ᠠ᠃
    
 
   
 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠳᠣᠯᠣᠳᠤᠭ᠋ᠠᠷ ᠬᠤᠭᠤᠴᠠᠭ᠋ᠠᠨ᠎ᠤ (2024) ᠦᠬᠡᠷ᠎ᠤᠨ ᠦᠢ᠍ᠯᠡᠰ᠎ᠢ ᠬᠦᠭᠵᠢᠬᠦᠯᠬᠦ ᠠᠵᠢᠯ᠎ᠤᠨ ᠶᠡᠬᠡ ᠬᠤᠷᠠᠯ ᠲᠦᠩᠯᠢᠶᠣᠣ ᠬᠣᠲᠠ᠎ᠳᠤ ᠡᠬᠢᠯᠡᠪᠡ
ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ᠎ᠲᠠᠢ ᠶᠠᠪᠤᠬᠳᠠᠵᠤ ᠪᠠᠢ᠌ᠨ᠎ᠠ
ᠮᠠᠨ᠎ᠤ ᠣᠷᠣᠨ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ
2024 ᠣᠨ᠎ᠳᠤ ᠪᠦᠬᠦ ᠤᠯᠤᠰ᠎ᠤᠨ ᠲᠦᠮᠡᠨ ᠬᠥᠮᠥᠨ᠎ᠤ ᠬᠠᠮᠲᠤ ᠵᠢᠨ ᠬᠤᠷᠢᠮ᠎ᠤᠨ ᠶᠣᠰᠣᠯᠠᠯ ᠪᠣᠯᠬᠤ 《ᠤᠮᠠᠷᠠᠲᠤ ᠬᠢᠯᠢ᠎ᠳᠤ ᠬᠠᠢ᠌ᠷ᠎ᠠ ᠮᠢᠨᠢ ᠪᠤᠢ》 — ᠥᠪᠥᠷ ᠮᠣᠩᠭᠣᠯ᠎ᠤᠨ ᠬᠤᠪᠢᠶᠠᠷᠢ ᠲᠠᠯᠠᠪᠠᠢ ᠠᠵᠢᠯᠯᠠᠭ᠎ᠠ ᠶᠠᠪᠤᠭᠳᠠᠪᠠ
《ᠲᠣᠰᠬᠣᠨ᠎ᠤ ᠳᠠᠭᠤᠤ ᠬᠠᠡᠭᠭᠢᠨᠠᠨᠠᠮ》 ᠬᠡᠬᠦ ᠭᠣᠣᠯ ᠰᠡᠳᠦᠪᠲᠦ ᠠᠵᠢᠯᠯᠠᠭ᠎ᠠ ᠵᠢᠨ 2024 ᠣᠨ᠎ᠤ ᠪᠦᠬᠦ ᠤᠯᠤᠰ᠎ᠤᠨ ᠲᠥᠪᠯᠡᠷᠡᠩᠭᠦᠢ ᠦᠵᠡᠭᠦᠯᠦᠯᠭᠡ ᠵᠢᠨ ᠲᠣᠭᠯᠠᠯᠲᠠ ᠦᠨᠳᠤᠷᠯᠡᠪᠡ
 
            