ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ ᠲᠤᠰᠬᠠᠢ ᠪᠡᠯᠡ ᠮᠥᠩᠭᠥ 5000 ᠲᠦᠮᠡᠨ ᠲᠥᠭᠥᠷᠢᠭ ᠣᠷᠣᠭᠤᠯᠵᠤ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠪᠠ
ᠨᠡᠶᠢᠲᠡᠯᠡᠭᠰᠡᠨ ᠴᠠᠭ᠄ 2024-08-07

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ᠎ᠬᠢᠨ᠎ᠠᠴᠠ ᠣᠢ᠌ᠯᠠᠭ᠋ᠠᠭᠰᠠᠨ ᠵᠶ᠋ᠡᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠲᠦᠷᠦᠭᠦᠬᠡᠨ ᠲᠤᠰᠬᠠᠢ ᠪᠡᠯᠡ ᠮᠥᠩᠭᠥ  5000 ᠲᠦᠮᠡᠨ ᠲᠥᠭᠥᠷᠢᠭ ᠪᠠᠭᠤᠯᠭ᠋ᠠᠵᠤ᠂ 38 ᠣᠶ ᠰᠢᠭᠤᠢ ᠵᠢᠨ ᠠᠵᠤ ᠦᠶ᠋ᠢᠯᠡᠰᠵᠢᠯᠲᠡ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠳᠡᠮᠵᠢᠵᠦ᠂ ᠣᠶ ᠰᠢᠭᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠤᠵᠠᠭ᠋ᠠᠢ᠌ᠷᠠᠭᠤᠯᠬᠤ᠎ᠳᠤ ᠬᠡᠷᠡᠭᠯᠡᠪᠡ᠃
   ᠤᠢ ᠰᠢᠭᠤᠢ ᠵᠢᠨ ᠠᠵᠤ ᠦᠢ᠍ᠯᠡᠰ ᠪᠣᠯ ᠠᠮᠢ ᠠᠬᠤᠢ᠂ ᠠᠵᠤ ᠠᠬᠤᠢ᠂ ᠨᠡᠢ᠌ᠭᠡᠮ᠎ᠤᠨ ᠦᠷ᠎ᠡ ᠠᠰᠢᠭ᠎ᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠪᠦᠬᠡᠳ ᠠᠷᠠᠳ᠎ᠢ ᠪᠠᠶᠠᠵᠢᠭᠤᠯᠬᠤ ᠠᠵᠤ ᠦᠢ᠍ᠯᠡᠰ ᠪᠣᠯᠣᠨ᠎ᠠ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠴᠢᠬᠤᠯᠠ ᠠᠷᠭ᠎ᠠ ᠵᠠᠮ ᠪᠠ ᠠᠴᠢᠶᠠᠯᠠᠪᠤᠷᠢ ᠪᠣᠯᠣᠨ᠎ᠠ᠃ ᠲᠣᠰ ᠤᠳᠠᠭ᠎ᠠ ᠪᠠᠭᠤᠯᠭ᠋ᠠᠭᠰᠠᠨ 38 ᠲᠥᠷᠥᠯ ᠵᠦᠢ᠍ᠯ᠎ᠨᠢ ᠣᠨᠴᠠᠯᠢᠭᠲᠤ ᠣᠶ ᠵᠢᠮᠢᠰ᠂ ᠣᠶ ᠰᠢᠭᠤᠢ ᠵᠢᠨ ᠢᠳᠡᠭᠡᠨ᠂ ᠮᠣᠳᠣᠯᠢᠭ ᠠᠮᠤ ᠲᠣᠰᠣ᠂ ᠣᠶ ᠡᠪᠡᠰᠦ ᠬᠢᠲᠠᠳ ᠡᠮ᠎ᠤᠨ ᠮᠠᠲ᠋ᠧᠷᠢᠶᠠᠯ ᠵᠡᠷᠭᠡ 4 ᠶᠡᠬᠡ ᠳᠠᠪᠠᠭᠤᠯᠢᠭ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠠᠢ᠌ᠮᠠᠭ ᠬᠣᠲᠠ ᠵᠢᠨ ᠣᠨᠴᠠᠯᠢᠭ᠎ᠢ ᠲᠣᠪᠤᠢ᠌ᠯᠭ᠋ᠠᠨ᠂ ᠣᠨᠴᠠᠯᠢᠭᠲᠤ ᠠᠵᠤ ᠦᠢ᠍ᠯᠡᠰ᠎ᠤᠨ ᠲᠥᠪᠯᠡᠷᠡᠨ ᠬᠥᠭᠵᠢᠬᠦ ᠵᠢ ᠴᠢᠩᠭ᠋ᠠᠳᠬᠠᠪᠠ᠃ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠳᠡᠮᠵᠢᠨ ᠣᠶ ᠰᠢᠭᠤᠢ ᠵᠢᠨ ᠡᠮ᠂ ᠣᠶ ᠮᠣᠳᠣᠨ᠎ᠤ ᠪᠠᠺᠲ᠋ᠧᠷᠢ ᠵᠡᠷᠭᠡ ᠣᠶ ᠰᠢᠭᠤᠢ ᠵᠢᠨ ᠬᠣᠷᠮᠣᠢ ᠵᠢᠨ ᠲᠠᠷᠢᠮᠠᠯ᠂ ᠮᠣᠳᠣᠯᠢᠭ ᠠᠮᠤ ᠲᠣᠰᠣ᠂ ᠣᠨᠴᠠᠯᠢᠭᠲᠤ ᠣᠶ ᠵᠢᠮᠢᠰ ᠵᠡᠷᠭᠡ ᠲᠠᠷᠢᠮᠠᠯ᠎ᠤᠨ ᠰᠠᠭᠤᠷᠢᠨ ᠭᠠᠵᠠᠷ᠎ᠤᠨ ᠬᠡᠪᠴᠢᠶ᠎ᠡ ᠵᠢ 4 ᠲᠦᠮᠡᠨ ᠮᠦ᠍ ᠨᠡᠮᠡᠭᠳᠡᠭᠦᠯᠬᠦ᠎ᠪᠠᠷ ᠵᠢᠱ᠌ᠢᠵᠦ᠂ ᠣᠶ ᠰᠢᠭᠤᠢ ᠵᠢᠨ ᠢᠳᠡᠭᠡᠨ᠂ ᠣᠨᠴᠠᠯᠢᠭᠲᠤ ᠣᠶ ᠵᠢᠮᠢᠰ᠂ ᠮᠣᠳᠣᠯᠢᠭ ᠠᠮᠤ ᠲᠣᠰᠣ᠂ ᠣᠶ ᠡᠪᠡᠰᠦ ᠬᠢᠲᠠᠳ ᠡᠮ᠎ᠤᠨ ᠮᠠᠲ᠋ᠧᠷᠢᠶᠠᠯ᠂ ᠪᠣᠳᠠ ᠰᠥᠭᠡᠭ ᠪᠣᠷᠳᠣᠭ᠎ᠠ ᠵᠡᠷᠭᠡ ᠣᠶ ᠰᠢᠭᠤᠢ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠵᠢᠯ᠎ᠤᠨ ᠭᠠᠷᠤᠯᠲᠠ ᠵᠢ 8 ᠲᠦᠮᠡᠨ ᠲᠣᠨ᠎ᠠᠴᠠ ᠳᠡᠭᠡᠭᠰᠢ ᠨᠡᠮᠡᠭᠳᠡᠬᠦᠯᠬᠦ ᠪᠤᠯᠤᠨ᠎ᠠ᠃
      ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ 8 ᠬᠥᠲᠥᠴᠢ ᠠᠵᠤ ᠠᠬᠤᠢ᠌ᠯᠠᠯ᠎ᠤᠨ ᠲᠠᠷᠢᠮᠠᠯ᠎ᠤᠨ ᠰᠠᠭᠤᠷᠢᠨ ᠭᠠᠵᠠᠷ᠎ᠢ ᠪᠣᠢ᠌ᠵᠢᠭᠤᠯᠤᠨ ᠪᠣᠢ᠌ᠵᠢᠭᠤᠯᠬᠤ ᠵᠢ ᠳᠡᠮᠵᠢᠵᠦ᠂ ᠰᠢᠨ᠎ᠡ ᠰᠣᠷᠭᠣᠭ ᠪᠠᠢ᠌ᠯᠭ᠋ᠠᠬᠤ ᠬᠥᠮᠥᠷᠭᠡ ᠪᠠᠶ᠋ᠢᠭᠤᠯᠬᠤ ᠪᠠ ᠭᠦᠨᠵᠡᠭᠡᠢ ᠡᠳ᠋ᠰᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠣᠶ ᠰᠢᠭᠤᠢ ᠵᠢᠨ ᠠᠵᠤ ᠦᠶ᠋ᠢᠯᠡᠰᠵᠢᠯᠲᠡ ᠵᠢᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ᠃
       ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ᠎ᠬᠢᠨ᠎ᠤ ᠲᠠᠨᠢᠯᠴᠠᠭᠤᠯᠤᠭᠰᠠᠨ ᠵᠶ᠋ᠠᠷ 38 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠡᠮᠵᠢᠨ 5 ᠳ᠋ᠦᠩᠰᠢᠭᠤᠷ ᠰᠢᠬᠠᠮ ᠲᠥᠭᠥᠷᠢᠭ᠎ᠤᠨ ᠨᠡᠢ᠌ᠭᠡᠮ᠎ᠤᠨ ᠬᠥᠷᠥᠩᠭᠡ ᠵᠢ ᠣᠶ ᠰᠢᠭᠤᠢ ᠵᠢᠨ ᠠᠵᠤ ᠦᠢ᠍ᠯᠡᠰ᠎ᠲᠤ ᠣᠷᠣᠭᠤᠯᠵᠤ᠂ ᠵᠢᠱ᠌ᠢᠯᠲᠡ᠎ᠪᠠᠷ ᠲᠦᠮᠡ ᠭᠠᠷᠤᠢ ᠮᠠᠯᠴᠢᠨ ᠲᠠᠷᠢᠶᠠᠴᠢᠨ᠎ᠢ ᠳᠠᠶ᠋ᠢᠴᠢᠯᠠᠨ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠬᠦ ᠪᠣᠯᠣᠨ᠎ᠠ᠃

 





  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠬᠣᠶᠠᠷ — ᠠᠩᠬ᠎ᠠ ᠤᠳᠠᠭ᠎ᠠ ᠰᠢᠰᠲ᠋ᠧᠮ᠎ᠲᠠᠢ ᠪᠠᠢ᠌ᠷᠢᠯᠠᠭᠤᠯᠪᠠ! ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ᠎ᠤ ᠰᠠᠨᠠᠯ ᠲᠠᠷᠤᠮᠠᠯᠯᠠᠨ ᠲᠠᠷᠬᠠᠭ᠋ᠠᠪᠠ
ᠮᠠᠨ᠎ᠤ ᠣᠷᠣᠨ ᠦᠵᠡᠰᠬᠦᠯᠡᠩᠲᠦ ᠥᠪᠥᠷ ᠮᠣᠩᠭᠣᠯ᠎ᠤᠨ ᠪᠠᠢ᠌ᠭᠤᠯᠤᠯᠲᠠ ᠵᠢ 8 ᠲᠠᠯ᠎ᠠ᠎ᠪᠠᠷ ᠠᠬᠢᠭᠤᠯᠵᠤ ᠪᠠᠢ᠌ᠨ᠎ᠠ
ᠮᠠᠨ᠎ᠤ ᠣᠷᠣᠨ ᠱᠠᠨᠳᠦ᠋ᠩ ᠮᠤᠵᠢ ᠵᠢᠨ᠎ᠬᠢᠨ᠎ᠲᠠᠢ ᠤᠯᠤᠰ᠎ᠤᠨ ᠦᠮᠴᠢᠯᠡᠯᠳᠤ ᠡᠳ᠋ ᠬᠥᠷᠥᠩᠭᠡ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠯ᠎ᠠ
ᠠᠷᠪᠠᠨ ᠳᠣᠯᠣᠳᠤᠭ᠋ᠠᠷ ᠬᠤᠭᠤᠴᠠᠭ᠋ᠠᠨ᠎ᠤ (2024) ᠦᠬᠡᠷ᠎ᠤᠨ ᠦᠢ᠍ᠯᠡᠰ᠎ᠢ ᠬᠦᠭᠵᠢᠬᠦᠯᠬᠦ ᠠᠵᠢᠯ᠎ᠤᠨ ᠶᠡᠬᠡ ᠬᠤᠷᠠᠯ ᠲᠦᠩᠯᠢᠶᠣᠣ ᠬᠣᠲᠠ᠎ᠳᠤ ᠡᠬᠢᠯᠡᠪᠡ
ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ᠎ᠲᠠᠢ ᠶᠠᠪᠤᠬᠳᠠᠵᠤ ᠪᠠᠢ᠌ᠨ᠎ᠠ
 
            