ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄ 2024-09-14

    9 ᠰᠠᠷ᠎ᠠ ᠵᠢᠨ 13᠎ᠤ ᠡᠳᠦᠷ ᠬᠤᠷᠠᠯᠳᠤᠬᠰᠠᠨ ᠪᠥᠬᠥ ᠣᠷᠣᠨ᠎ᠤ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠠᠴᠠ ᠣᠢ᠌ᠯᠠᠭ᠋ᠠᠭᠰᠠᠨ᠎ᠨᠢ᠂ ᠦᠨᠤ ᠵᠢᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢ᠌ᠭᠡᠮ᠎ᠤᠨ ᠠᠵᠢᠯ᠎ᠤᠨ ᠬᠡᠯᠲᠡᠰ᠎ᠤᠨ᠎ᠬᠢᠨ ᠰᠢᠰᠲ᠋ᠧᠮ᠎ᠤᠨ ᠪᠠᠢ᠌ᠭᠤᠯᠤᠯᠲᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ  ᠳᠠᠭ᠋ᠠᠭᠤᠯᠬᠤ ᠳᠦᠷᠢᠮ ᠲᠣᠭᠲᠠᠴᠠ ᠵᠢ ᠲᠡᠬᠦᠯᠳᠡᠷᠵᠢᠬᠦᠯᠪᠡ᠃
    ᠪᠦᠬᠦ ᠣᠷᠣᠨ᠎ᠤ 250 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠣᠨ 2830 ᠬᠤᠳᠠ ᠬᠥᠳᠡᠭᠡ ᠨᠡᠢ᠌ᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠨᠢᠭᠡᠨᠲᠡ ᠪᠦᠬᠦᠨ᠎ᠢ ᠬᠠᠮᠤᠷᠴᠤ 《ᠶᠡᠬᠡ ᠠᠵᠢᠯ᠎ᠤᠨ ᠬᠣᠷᠢᠶ᠎ᠠ》 《ᠶᠡᠬᠡ ᠨᠠᠮ᠎ᠤᠨ ᠬᠣᠷᠢᠶ᠎ᠠ》 ᠵᠢᠨ ᠠᠵᠢᠯ᠎ᠤᠨ ᠲᠣᠭᠲᠠᠴᠠ ᠵᠢ ᠪᠠᠢ᠌ᠭᠤᠯᠵᠠᠢ᠃ 《ᠨᠡᠢ᠌ᠭᠡᠮ ᠲᠣᠭᠣᠷᠢᠭ —  ᠲᠤᠤᠷᠵᠢᠯᠳᠠ (ᠬᠤᠷᠢᠶᠠᠯᠠᠯ)  — ᠠᠰᠠᠷ》 ᠵᠢᠡᠷ ᠭᠣᠣᠯ ᠪᠣᠯᠭ᠋ᠠᠭᠰᠠᠨ 《ᠪᠠᠭ᠎ᠠ ᠭᠤᠷᠪᠠᠨ ᠳᠡᠰ》᠎ᠤᠨ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠪᠠᠢ᠌ᠭᠤᠯᠵᠤ᠂ ᠪᠦᠬᠦ ᠣᠷᠣᠨ᠎ᠳᠤ ᠨᠡᠢ᠌ᠭᠡᠮ ᠲᠣᠭᠣᠷᠢᠭ᠎ᠤᠨ 2.5 ᠲᠦᠮᠡᠨ ᠲᠤᠤᠷᠵᠢᠯᠳᠠ ᠵᠢ ᠵᠣᠬᠢᠰᠲᠠᠢ ᠬᠤᠪᠢᠶᠠᠷᠢᠯᠠᠵᠤ᠂ ᠬᠤᠳᠠᠯᠳᠤᠭ᠋ᠠᠨ᠎ᠤ ᠵᠡᠭᠡᠯᠢ ᠲᠣᠭᠣᠷᠢᠭ᠂ ᠬᠤᠳᠠᠯᠳᠤᠭ᠋ᠠᠨ᠎ᠤ ᠬᠦᠷᠢᠶ᠎ᠡ ᠴᠠᠷᠠᠭ᠎ᠠ᠎ᠳᠤ᠎ᠬᠢ ᠵᠠᠬ᠎ᠠ ᠳᠡᠯᠭᠡᠭᠦᠷ ᠵᠡᠷᠭᠡ ᠵᠥᠷᠢᠴᠡᠯ ᠠᠰᠠᠭᠤᠳᠠᠯ ᠤᠯᠠᠨ᠂ ᠦᠨᠳᠦᠰᠦᠨ ᠱᠠᠲᠤᠨ᠎ᠤ ᠵᠠᠰᠠᠯᠲᠠ ᠵᠢᠨ ᠡᠭᠦᠷᠭᠡ ᠬᠦᠨᠳᠦ ᠣᠷᠣᠨ ᠪᠦᠰᠡ᠎ᠳᠤ ᠲᠤᠰᠬᠠᠢ ᠬᠠᠷᠢᠶᠠᠯᠠᠭᠳᠠᠬᠤ ᠲᠤᠤᠷᠵᠢᠯᠳᠠ ᠵᠢ  ᠲᠤᠬᠢᠷᠠᠭᠤᠯᠬᠤ ᠵᠢᠨ ᠬᠠᠮᠳᠤ ᠲᠤᠤᠷᠵᠢᠯᠳᠠ ᠵᠢᠨ ᠨᠠᠮ᠎ᠤᠨ ᠡᠭᠦᠷ᠎ᠢ ᠪᠠᠢ᠌ᠭᠤᠯᠵᠤ᠂ ᠬᠥᠨᠳᠡᠯᠡᠨ ᠴᠢᠭᠯᠡᠯ ᠵᠶ᠋ᠡᠷ ᠵᠠᠬ᠎ᠠ ᠬᠢᠵᠠᠭ᠋ᠠᠷ ᠬᠦᠷᠬᠦ᠂ ᠭᠤᠯᠳᠤ ᠴᠢᠭᠯᠡᠯ ᠵᠶ᠋ᠡᠷ ᠡᠴᠦᠰ᠎ᠲᠤ ᠲᠤᠯᠭ᠋ᠠᠬᠤ ᠵᠣᠬᠢᠶᠠᠨ ᠪᠠᠢ᠌ᠭᠤᠯᠤᠯᠲᠠ ᠵᠢᠨ ᠰᠢᠰᠲᠸᠮ᠎ᠢ ᠪᠦᠷᠢᠯᠳᠤᠬᠦᠯᠦᠭᠰᠡᠨ ᠪᠠᠢ᠌ᠨ᠎ᠠ᠃
    ᠦᠨᠤ ᠵᠢᠯ ᠮᠠᠨ᠎ᠤ ᠣᠷᠣᠨ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢᠨ ᠳᠤᠲᠠᠭᠤᠳᠠᠯ ᠪᠠ ᠪᠠᠭᠤᠷᠠᠢ ᠲᠠᠯ᠎ᠠ ᠵᠢ ᠳᠠᠭ᠋ᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠢᠶᠠᠷᠤᠯᠲᠠ ᠵᠢᠨ ᠪᠠᠢ᠌ᠭᠤᠯᠤᠮᠵᠢ᠂ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠂ ᠡᠩᠨᠡᠭᠡᠨ᠎ᠤ ᠪᠠᠢ᠌ᠭᠤᠯᠤᠯᠲᠠ᠂ ᠰᠠᠭᠤᠷᠢ ᠪᠠᠲᠤᠯᠠᠭ᠎ᠠ᠂ ᠠᠵᠢᠯ᠎ᠤᠨ ᠲᠣᠭᠲᠠᠴᠠ᠂  ᠲᠤᠭ᠋ᠠᠴᠢᠯᠠᠯᠳᠠ ᠤᠶᠤᠨᠴᠢᠯᠠᠯᠳᠠ᠎ᠪᠠᠷ ᠴᠢᠳᠠᠪᠬᠢ ᠣᠯᠭᠣᠬᠤ ᠵᠡᠷᠭᠡ ᠲᠠᠯ᠎ᠠ ᠵᠢᠨ ᠲᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠬᠦᠴᠦᠯᠡᠨ ᠰᠢᠢ᠍ᠳᠪᠦᠷᠢᠯᠡᠵᠦ᠂ ᠪᠦᠬᠦ ᠣᠷᠣᠨ᠎ᠤ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲᠸᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠪᠠᠲᠤᠲᠠᠢ ᠠᠯᠬᠤᠮ᠎ᠢ ᠠᠯᠬᠤᠵᠤ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ  ᠳᠠᠭ᠋ᠠᠭᠤᠯᠬᠤ ᠲᠦᠪᠰᠢᠨ ᠮᠡᠳᠡᠭᠳᠡᠮ᠎ᠡ ᠲᠡᠭᠡᠭᠰᠢᠯᠡᠬᠡᠳ ᠪᠦᠬᠦ ᠤᠯᠤᠰ᠎ᠲᠤ ᠨᠥᠯᠥᠭᠡᠯᠡᠬᠦ ᠬᠦᠴᠦᠨ᠎ᠲᠠᠢ ᠨᠡᠢ᠌ᠲᠡᠯᠢᠭ ᠲᠤᠷᠰᠢᠯᠭ᠎ᠠ ᠪᠣᠯᠣᠨ ᠰᠢᠨ᠎ᠡ ᠵᠢ ᠡᠭᠦᠳᠦᠭᠰᠡᠨ ᠵᠢᠱ᠌ᠢᠶ᠎ᠡ ᠵᠢ ᠳᠡᠯᠭᠡᠷᠡᠭᠦᠯᠵᠡᠢ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠶᠠᠮᠤᠨ᠎ᠠᠴᠠ ᠨᠠᠮ᠎ᠤᠨ ᠪᠠᠢ᠌ᠭᠤᠯᠤᠯᠲᠠ ᠵᠢ ᠳᠠᠭ᠋ᠠᠭᠤᠯᠬᠤ ᠵᠢ ᠴᠢᠩᠭ᠋ᠠᠳᠬᠠᠬᠤ᠂ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠬᠦ᠂ ᠳᠠᠷᠤᠭ᠋ᠠᠰᠤ ᠵᠢ ᠬᠥᠩᠭᠡᠯᠡᠵᠦ ᠴᠢᠳᠠᠪᠬᠢ ᠣᠯᠭᠣᠬᠤ ᠵᠢ ᠠᠬᠢᠭᠤᠯᠬᠤ᠂ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠂ ᠬᠠᠮᠵᠢᠯᠴᠠᠨ  ᠬᠠᠮᠳᠤ᠎ᠪᠠᠷ ᠵᠠᠰᠠᠬᠤ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠤᠯᠡᠭᠰᠡᠨ ᠪᠠᠢ᠌ᠨ᠎ᠠ᠃ ᠪᠦᠬᠦ ᠣᠷᠣᠨ᠎ᠤ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠭᠣᠣᠯᠳᠠᠯᠭ᠎ᠠ᠂ ᠬᠦᠴᠢᠷ ᠠᠰᠠᠭᠤᠳᠠᠯ᠂ ᠲᠦᠭᠵᠢᠷᠡᠯ᠎ᠲᠠᠢ ᠨᠢᠭᠲᠠ ᠤᠶᠠᠯᠳᠤᠭᠤᠯᠵᠤ᠂ ᠬᠦᠴᠤᠯᠡᠴᠨ᠂ ᠰᠢᠪᠲᠤᠯᠤᠯᠲᠠ᠂ ᠰᠢᠨ᠎ᠡ ᠵᠢ ᠡᠭᠦᠳᠬᠦ ᠴᠡᠭ᠎ᠢ ᠣᠨᠣᠪᠴᠢᠲᠠᠢ ᠣᠯᠵᠤ᠂  ᠦᠨᠳᠦᠰᠦᠨ ᠱᠠᠲᠤᠨ᠎ᠤ ᠵᠠᠰᠠᠯᠲᠠ ᠵᠢᠨ ᠠᠵᠢᠯ᠎ᠤᠨ ᠲᠦᠷᠦᠯ ᠲᠡᠮᠳᠡᠭ᠎ᠤᠳ᠎ᠢ ᠡᠭᠦᠳᠴᠦ᠂ ᠪᠦᠬᠦ ᠣᠷᠣᠨ᠎ᠤ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢᠨ ᠲᠦᠪᠰᠢᠨ᠎ᠳᠤ ᠬᠦᠷᠬᠦ ᠵᠢ ᠳᠠᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠨᠡᠢ᠌ᠭᠡᠮ᠎ᠤᠨ ᠠᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠪᠤᠯᠤᠨ᠎ᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2024 ᠣᠨ᠎ᠳᠤ ᠪᠦᠬᠦ ᠤᠯᠤᠰ᠎ᠤᠨ ᠲᠦᠮᠡᠨ ᠬᠥᠮᠥᠨ᠎ᠤ ᠬᠠᠮᠲᠤ ᠵᠢᠨ ᠬᠤᠷᠢᠮ᠎ᠤᠨ ᠶᠣᠰᠣᠯᠠᠯ ᠪᠣᠯᠬᠤ 《ᠤᠮᠠᠷᠠᠲᠤ ᠬᠢᠯᠢ᠎ᠳᠤ ᠬᠠᠢ᠌ᠷ᠎ᠠ ᠮᠢᠨᠢ ᠪᠤᠢ》 — ᠥᠪᠥᠷ ᠮᠣᠩᠭᠣᠯ᠎ᠤᠨ ᠬᠤᠪᠢᠶᠠᠷᠢ ᠲᠠᠯᠠᠪᠠᠢ ᠠᠵᠢᠯᠯᠠᠭ᠎ᠠ ᠶᠠᠪᠤᠭᠳᠠᠪᠠ
《ᠲᠣᠰᠬᠣᠨ᠎ᠤ ᠳᠠᠭᠤᠤ ᠬᠠᠡᠭᠭᠢᠨᠠᠨᠠᠮ》 ᠬᠡᠬᠦ ᠭᠣᠣᠯ ᠰᠡᠳᠦᠪᠲᠦ ᠠᠵᠢᠯᠯᠠᠭ᠎ᠠ ᠵᠢᠨ 2024 ᠣᠨ᠎ᠤ ᠪᠦᠬᠦ ᠤᠯᠤᠰ᠎ᠤᠨ ᠲᠥᠪᠯᠡᠷᠡᠩᠭᠦᠢ ᠦᠵᠡᠭᠦᠯᠦᠯᠭᠡ ᠵᠢᠨ ᠲᠣᠭᠯᠠᠯᠲᠠ ᠦᠨᠳᠤᠷᠯᠡᠪᠡ
ᠥᠪᠥᠷ ᠮᠣᠩᠭᠣᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ 《ᠳᠠᠭ᠋ᠠᠵᠤ ᠬᠦᠶᠤᠵᠤ》 ᠪᠠᠢ᠌ᠬᠰᠠᠨ᠎ᠠᠴᠠ᠎ᠪᠠᠨ 《ᠳᠠᠭ᠋ᠠᠭᠤᠯᠤᠨ ᠭᠦᠶᠦᠬᠦ》 ᠪᠤᠯᠤᠯ᠎ᠠ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠰᠢᠨᠵᠢᠯᠡᠬᠦ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ 1439 ᠬᠦᠮᠦᠷᠬᠡᠯᠡᠪᠡ ᠬᠥᠮᠥᠷᠭᠡ᠎ᠳᠤ ᠣᠷᠣᠭᠤᠯᠪᠠ
ᠥᠪᠥᠷ ᠮᠣᠩᠭᠣᠯ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠬᠦ ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ 30 ᠳ᠋ᠦᠩᠰᠢᠭᠤᠷ ᠲᠥᠭᠥᠷᠢᠭ᠎ᠢ ᠪᠦᠬᠦᠨ᠎ᠢ ᠠᠢ᠌ᠮᠠᠭ ᠬᠣᠲᠠ᠎ᠳᠤ ᠪᠠᠭᠤᠯᠭ᠋ᠠᠪᠠ
 
            