ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ᠎ᠲᠠᠢ ᠶᠠᠪᠤᠬᠳᠠᠵᠤ ᠪᠠᠢ᠌ᠨ᠎ᠠ
ᠨᠡᠶᠢᠲᠡᠯᠡᠭᠰᠡᠨ ᠴᠠᠭ᠄ 2024-07-23

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠵᠢᠨ ᠠᠵᠢᠯᠯᠠᠬᠤ ᠳᠤᠭᠤᠢ᠌ᠯᠠᠩ᠎ᠤᠨ᠎ᠬᠢᠨ ᠤᠷᠴᠢᠮ᠎ᠳᠤ ᠬᠥᠬᠡᠬᠣᠲᠠ᠂ ᠪᠤᠭᠤᠲᠤ᠂ ᠬᠢᠩᠭ᠋ᠠᠨ ᠠᠢ᠌ᠮᠠᠭ᠂ ᠲᠦᠩᠯᠢᠶᠣᠣ᠂ ᠤᠯᠠᠭ᠋ᠠᠨᠬᠠᠳᠠ᠂ ᠣᠷᠳᠣᠰ᠂ ᠪᠠᠶᠠᠨᠨᠠᠭᠤᠷ᠂ ᠡᠷᠢᠶᠡᠨ ᠬᠣᠲᠠ ᠵᠡᠷᠭᠡ ᠠᠢ᠌ᠮᠠᠭ ᠬᠣᠲᠠ ᠪᠠ ᠬᠡᠰᠡᠭ ᠬᠣᠰᠢᠭᠤ ᠰᠢᠶᠠᠨ ᠲᠣᠭᠣᠷᠢᠭ᠎ᠲᠤ ᠭᠦᠨᠵᠡᠭᠡᠢ᠌ᠷᠡᠨ᠂ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ᠎ᠳᠤ ᠬᠢᠨᠠᠯᠲᠠ ᠲᠠᠯᠪᠢᠵᠤ ᠵᠢᠭ᠋ᠠᠨ ᠵᠢᠯᠣᠭᠣᠳᠪᠠ᠃ ᠠᠵᠢᠯᠯᠠᠬᠤ ᠳᠤᠭᠤᠢ᠌ᠯᠠᠩ᠎ᠤᠨ᠎ᠬᠢᠨ ᠮᠡᠳᠡᠭᠦᠯᠦᠯᠲᠡ ᠵᠢ ᠰᠣᠨᠣᠰᠬᠤ᠂ ᠮᠠᠲ᠋ᠧᠷᠢᠶᠠᠯ᠎ᠢ ᠪᠠᠢ᠌ᠴᠠᠭ᠋ᠠᠬᠤ᠂ ᠰᠠᠨᠠᠯ ᠵᠶ᠋ᠠᠨ ᠰᠤᠯᠢᠯᠴᠠᠬᠤ᠂ ᠳᠠᠯᠳᠠᠭᠤᠷ ᠰᠤᠷᠪᠤᠯᠵᠢᠯᠠᠵᠤ ᠰᠣᠩᠭᠣᠨ ᠪᠠᠢ᠌ᠴᠠᠭ᠋ᠠᠬᠤ᠂ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠬᠤ ᠦᠵᠡᠬᠦ ᠵᠡᠷᠭᠡ ᠠᠷᠭ᠎ᠠ᠎ᠪᠠᠷ ᠢᠯᠡᠷᠡᠭᠦᠯᠦᠭᠰᠡᠨ ᠡᠯ᠎ᠡ ᠲᠦᠷᠦᠯ᠎ᠤᠨ ᠠᠰᠠᠭᠤᠳᠠᠯ᠎ᠢ ᠲᠤᠬᠠᠢ ᠵᠢᠨ ᠭᠠᠵᠠᠷ᠎ᠲᠤ᠎ᠨᠢ ᠵᠢᠯᠤᠭᠣᠳᠴᠤ᠂ ᠡᠯ᠎ᠡ ᠰᠠᠯᠠᠭ᠎ᠠ ᠮᠥᠴᠢᠷ᠎ᠤᠨ᠎ᠬᠢᠨ᠎ᠤ ᠳᠠᠷᠤᠢ ᠬᠡᠷᠡᠭᠵᠢᠭᠦᠯᠵᠦ ᠲᠠᠷᠤᠢ ᠴᠡᠭᠴᠡᠯᠡᠬᠦ ᠠᠵᠢᠯ᠎ᠢ ᠠᠬᠢᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ  2024 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠵᠢᠯ᠎ᠤᠨ ᠡᠴᠦᠰ ᠪᠣᠯᠲᠠᠯ᠎ᠠ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃ ᠬᠣᠲᠠ ᠬᠥᠳᠡᠭᠡ ᠵᠢᠨ ᠬᠣᠭ ᠨᠣᠪᠰᠢ ᠵᠢ ᠰᠢᠢ᠍ᠳᠪᠦᠷᠢᠯᠡᠬᠦ᠂ ᠪᠠᠷᠢᠯᠭ᠎ᠠ ᠵᠢᠨ ᠵᠠᠬ᠎ᠠ ᠳᠡᠯᠭᠡᠭᠦᠷ ᠪᠠ ᠭᠡᠷ ᠪᠠᠢ᠌ᠰᠢᠩ᠎ᠤᠨ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ᠂ ᠣᠶ ᠰᠢᠭᠤᠢ ᠡᠪᠡᠰᠦ ᠪᠡᠯᠴᠢᠭᠡᠷ᠎ᠢ ᠡᠪᠳᠡᠬᠦ ᠵᠡᠷᠭᠡ 5 ᠲᠠᠯ᠎ᠠ ᠵᠢᠨ 24 ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《  ᠪᠠᠢ᠌ᠴᠠᠭ᠋ᠠᠬᠤ ᠵᠢᠨ ᠲᠠᠭ᠋ᠠᠤ ᠴᠡᠭᠴᠡᠯᠡᠬᠦ》 ᠠᠷᠭ᠎ᠠ ᠎ᠪᠠᠷ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ᠎ᠤ ᠲᠤᠰᠬᠠᠯ ᠶᠡᠬᠡᠲᠡᠢ ᠠᠰᠠᠭᠤᠳᠠᠯ᠎ᠢ ᠭᠣᠣᠯᠳᠠᠯᠭ᠎ᠠ᠎ᠲᠠᠢ ᠵᠠᠰᠠᠵᠤ᠂ ᠨᠢᠭᠡ ᠪᠦᠯᠦᠭ ᠨᠡᠢ᠌ᠲᠡᠯᠢᠭ ᠬᠡᠷᠡᠭ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ ᠢᠯᠡᠴᠢᠯᠡᠵᠦ᠂ ᠬᠠᠤᠯᠢ ᠪᠤᠰᠤ ᠠᠰᠢᠭ ᠲᠤᠰᠠ ᠵᠢᠨ ᠬᠡᠯᠬᠢᠶ᠎ᠡ ᠵᠢ ᠲᠡᠰᠦᠯᠦᠨ᠂ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠪᠠᠢ᠌ᠭᠤᠯᠤᠨ᠂ ᠡᠢ᠌ᠮᠤᠷᠬᠦᠤ ᠠᠰᠠᠭᠤᠳᠠᠯ ᠡᠭᠦᠰᠬᠦ ᠵᠢ ᠡᠭᠦᠰᠦᠯ᠎ᠠᠴᠠ᠎ᠨᠢ ᠰᠡᠷᠬᠡᠢ᠌ᠯᠡᠵᠤ ᠴᠢᠳᠠᠪᠠ᠃
    ᠣᠳᠣᠬᠠᠨ᠎ᠳᠤ ᠪᠥᠬᠥ ᠣᠷᠣᠨ᠎ᠤ ᠡᠯ᠎ᠡ ᠠᠢ᠌ᠮᠠᠭ ᠬᠣᠲᠠ᠎ᠨᠤᠭᠤᠳ ᠨᠢᠭᠡᠨᠲᠡ ᠣᠯᠠᠨ ᠰᠠᠯᠠᠭ᠎ᠠ ᠮᠥᠴᠢᠷ᠎ᠤᠨ ᠬᠠᠮᠲᠤᠷᠠᠭᠰᠠᠨ ᠠᠵᠢᠯᠯᠠᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠬᠤ ᠪᠠ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ ᠪᠠᠢ᠌ᠨ᠎ᠠ᠃
    ᠤᠯᠠᠭ᠋ᠠᠨᠬᠠᠳᠠ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠵᠢᠨ᠎ᠬᠢᠨ᠎ᠨᠢ ᠬᠣᠭ ᠨᠣᠪᠰᠢ ᠵᠢ ᠵᠠᠰᠠᠬᠤ ᠠᠵᠢᠯ᠎ᠢ ᠰᠢᠰᠲ᠋ᠧᠮ᠎ᠲᠠᠢ᠎ᠪᠠᠷ ᠡᠮᠬᠢᠯᠡᠨ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠪᠠᠷᠢᠯᠭ᠎ᠠ ᠵᠢᠨ ᠬᠣᠭ ᠨᠣᠪᠰᠢ ᠵᠢ ᠠᠷᠢᠯᠭ᠋ᠠᠬᠤ ᠭᠠᠵᠠᠷ᠎ᠢ ᠵᠢᠷᠤᠮᠵᠢᠭᠤᠯᠤᠨ ᠪᠦᠲᠦᠭᠡᠨ ᠪᠠᠢ᠌ᠭᠤᠯᠵᠤ᠂ ᠬᠣᠭ ᠨᠣᠪᠰᠢ ᠵᠢᠨ ᠬᠠᠮᠢᠶᠠᠷᠤᠯᠲᠠ ᠵᠢᠨ ᠠᠵᠢᠯ᠎ᠤᠨ ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠲᠣᠭᠲᠠᠴᠠ ᠪᠠ ᠪᠠᠷᠢᠯᠭ᠎ᠠ ᠵᠢᠨ ᠬᠣᠭ ᠨᠣᠪᠰᠢ ᠵᠢᠨ ᠪᠥᠬᠥ ᠬᠡᠯᠬᠢᠶᠡᠰᠦ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠤᠨ᠂ ᠪᠠᠷᠢᠯᠭ᠎ᠠ ᠵᠢᠨ ᠬᠣᠭ ᠨᠣᠪᠰᠢ ᠵᠢ ᠪᠣᠶ ᠪᠣᠯᠭ᠋ᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠡᠯ᠎ᠡ ᠭᠣᠭᠴᠣᠭ᠎ᠠ᠎ᠳᠤ ᠪᠦᠲᠦᠮᠵᠢᠲᠡᠶ ᠬᠢᠨᠠᠨ ᠡᠵᠡᠮᠳᠡᠬᠦ ᠠᠵᠢᠯ᠎ᠢ ᠦᠷᠨᠢᠬᠦᠯᠪᠡ᠃ ᠪᠥᠬᠥ ᠬᠣᠲᠠ᠎ᠳᠤ ᠬᠣᠭ ᠨᠣᠪᠰᠢ ᠵᠢ ᠳᠤᠷ᠎ᠠ᠎ᠪᠠᠷ ᠵᠶ᠋ᠠᠨ ᠣᠪᠣᠭ᠋ᠠᠯᠠᠵᠤ ᠪᠠᠢ᠌ᠭ᠎ᠠ 222 ᠠᠰᠠᠭᠤᠳᠠᠯ᠎ᠢ   ᠪᠠᠢ᠌ᠴᠠᠭ᠋ᠠᠬᠤ ᠵᠢᠨ ᠬᠠᠮᠳᠤ 158 ᠭᠠᠵᠠᠷ᠎ᠢ ᠴᠡᠭᠴᠡᠯᠡᠬᠡᠳ 64 ᠭᠠᠵᠠᠷ᠎ᠲᠤ ᠤᠳᠤ ᠶᠠᠭ ᠴᠡᠭᠴᠡᠯᠡᠬᠦ ᠠᠷᠭ᠎ᠠ ᠠᠪᠴᠤ᠂ ᠠᠮᠢᠳᠤᠷᠠᠯ᠎ᠤᠨ ᠬᠣᠭ ᠨᠣᠪᠰᠢ ᠵᠢ ᠪᠠᠷᠤᠭ 0.95 ᠲᠦᠮᠡᠨ ᠲᠣᠨ᠂ ᠪᠠᠷᠢᠯᠭ᠎ᠠ ᠵᠢᠨ ᠬᠣᠭ ᠨᠣᠪᠰᠢ ᠵᠢ ᠪᠠᠷᠤᠭ 5.3 ᠲᠦᠮᠡᠨ ᠲᠣᠨ ᠴᠡᠪᠡᠷᠯᠡᠵᠡᠢ᠃
   ᠬᠢᠩᠭ᠋ᠠᠨ ᠠᠢ᠌ᠮᠠᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠳᠠ ᠵᠢᠨ ᠲᠣᠪᠴᠢᠶ᠎ᠠ ᠵᠢᠨ᠎ᠬᠢᠨ ᠪᠦᠬᠦ ᠶᠠᠪᠤᠴᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠤ ᠠᠬᠤᠢ᠌ᠯᠠᠯ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠵᠢᠨ ᠠᠵᠢᠯᠯᠠᠭᠤᠯᠵᠤ ᠬᠠᠮᠠᠭ᠋ᠠᠯᠠᠵᠤ ᠪᠠᠢ᠌ᠭ᠎ᠠ ᠪᠠᠢ᠌ᠳᠠᠯ᠎ᠳᠤ ᠭᠡᠨᠡᠳᠲᠡ ᠵᠢᠨ ᠪᠠᠢ᠌ᠴᠠᠭ᠋ᠠᠯᠲᠠ ᠬᠢᠵᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠤᠳᠠᠭ᠎ᠠ ᠪᠦᠷᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ᠎ᠪᠠᠷ  ᠢᠯᠡᠴᠢᠯᠡᠭᠰᠡᠨ ᠬᠡᠷᠡᠭ᠎ᠢ ᠪᠦᠬᠦ ᠲᠠᠯ᠎ᠠ᠎ᠪᠠᠷ ᠪᠠᠢ᠌ᠴᠠᠭ᠋ᠠᠵᠤ᠂  ᠠᠰᠠᠭᠤᠳᠠᠯ᠎ᠤᠨ ᠰᠦᠪᠡᠭᠴᠢ ᠵᠢ ᠪᠦᠬᠦ ᠲᠠᠯ᠎ᠠ᠎ᠪᠠᠷ ᠪᠠᠢ᠌ᠴᠠᠭ᠋ᠠᠨ ᠰᠢᠢ᠍ᠳᠪᠤᠷᠢᠯᠡᠭᠰᠡᠨ᠎ᠤ ᠬᠠᠮᠳᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢ ᠰᠢᠶᠠᠩ ᠪᠠᠯᠭ᠋ᠠᠰᠤ ᠰᠤᠮᠤ ᠲᠡᠢ᠌ᠰᠢ ᠤᠷᠲᠤᠳᠬᠠᠵᠤ᠂ ᠰᠤᠮᠤ ᠰᠢᠶᠠᠩ ᠪᠠᠯᠭ᠋ᠠᠰᠤ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠯᠦᠭᠡ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠣᠶ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠳᠤ ᠬᠠᠤᠯᠢ ᠪᠤᠰᠤ᠎ᠪᠠᠷ ᠦᠢ᠍ᠯᠡᠳᠪᠦᠷᠢᠯᠡᠵᠦ ᠡᠳ᠋ᠰᠢᠭᠦᠯᠬᠦ᠂ ᠠᠶᠤᠯᠲᠠᠢ ᠬᠠᠶᠠᠭᠳᠠᠮᠠᠯ ᠪᠣᠳᠠᠰ᠎ᠢ ᠬᠤᠯᠠᠭ᠋ᠠᠢ᠌ᠯᠠᠨ ᠭᠠᠳᠠᠭᠰᠢᠯᠠᠭᠤᠯᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ 46 ᠠᠵᠤ ᠠᠬᠤᠢ᠌ᠯᠠᠯ᠎ᠢ ᠪᠠᠢ᠌ᠴᠠᠭ᠋ᠠᠵᠤ᠂ 433 ᠠᠰᠠᠭᠤᠳᠠᠯ᠎ᠢ ᠢᠯᠡᠷᠡᠬᠦᠯᠦᠭᠰᠡᠨ ᠪᠠᠢ᠌ᠨ᠎ᠠ᠃
  



    


      

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ
2024 ᠣᠨ᠎ᠳᠤ ᠪᠦᠬᠦ ᠤᠯᠤᠰ᠎ᠤᠨ ᠲᠦᠮᠡᠨ ᠬᠥᠮᠥᠨ᠎ᠤ ᠬᠠᠮᠲᠤ ᠵᠢᠨ ᠬᠤᠷᠢᠮ᠎ᠤᠨ ᠶᠣᠰᠣᠯᠠᠯ ᠪᠣᠯᠬᠤ 《ᠤᠮᠠᠷᠠᠲᠤ ᠬᠢᠯᠢ᠎ᠳᠤ ᠬᠠᠢ᠌ᠷ᠎ᠠ ᠮᠢᠨᠢ ᠪᠤᠢ》 — ᠥᠪᠥᠷ ᠮᠣᠩᠭᠣᠯ᠎ᠤᠨ ᠬᠤᠪᠢᠶᠠᠷᠢ ᠲᠠᠯᠠᠪᠠᠢ ᠠᠵᠢᠯᠯᠠᠭ᠎ᠠ ᠶᠠᠪᠤᠭᠳᠠᠪᠠ
《ᠲᠣᠰᠬᠣᠨ᠎ᠤ ᠳᠠᠭᠤᠤ ᠬᠠᠡᠭᠭᠢᠨᠠᠨᠠᠮ》 ᠬᠡᠬᠦ ᠭᠣᠣᠯ ᠰᠡᠳᠦᠪᠲᠦ ᠠᠵᠢᠯᠯᠠᠭ᠎ᠠ ᠵᠢᠨ 2024 ᠣᠨ᠎ᠤ ᠪᠦᠬᠦ ᠤᠯᠤᠰ᠎ᠤᠨ ᠲᠥᠪᠯᠡᠷᠡᠩᠭᠦᠢ ᠦᠵᠡᠭᠦᠯᠦᠯᠭᠡ ᠵᠢᠨ ᠲᠣᠭᠯᠠᠯᠲᠠ ᠦᠨᠳᠤᠷᠯᠡᠪᠡ
ᠥᠪᠥᠷ ᠮᠣᠩᠭᠣᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ 《ᠳᠠᠭ᠋ᠠᠵᠤ ᠬᠦᠶᠤᠵᠤ》 ᠪᠠᠢ᠌ᠬᠰᠠᠨ᠎ᠠᠴᠠ᠎ᠪᠠᠨ 《ᠳᠠᠭ᠋ᠠᠭᠤᠯᠤᠨ ᠭᠦᠶᠦᠬᠦ》 ᠪᠤᠯᠤᠯ᠎ᠠ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠰᠢᠨᠵᠢᠯᠡᠬᠦ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ 1439 ᠬᠦᠮᠦᠷᠬᠡᠯᠡᠪᠡ ᠬᠥᠮᠥᠷᠭᠡ᠎ᠳᠤ ᠣᠷᠣᠭᠤᠯᠪᠠ
 
            