ᠰᠦᠨ ᠵᠢᠶᠦ᠋ᠨ ᠴᠢᠩ ᠠᠵᠢᠯᠯᠠᠭ᠎ᠠ᠎ᠳᠤ ᠣᠷᠣᠯᠴᠠᠵᠠᠢ
ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠎ᠠ ᠪᠠᠷᠢᠮᠲᠠ ᠵᠢ ᠬᠠᠨᠳᠤᠯᠭ᠎ᠠ᠎ᠲᠠᠢ᠎ᠪᠠᠷ ᠨᠡᠢ᠌ᠲᠡᠯᠡᠬᠦ ᠠᠵᠢᠯᠯᠠᠭ᠎ᠠ 2 ᠳ᠋ᠤᠭ᠋ᠠᠷ ᠰᠠᠷ᠎ᠠ ᠵᠢᠨ 27᠎ᠤ ᠡᠳᠦᠷ ᠶᠠᠪᠤᠬᠳᠠᠯ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠂ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠢ ᠲᠤᠤ ᠨᠠᠷ ᠠᠵᠢᠯᠯᠠᠭ᠎ᠠ᠎ᠳᠤ ᠣᠷᠣᠯᠴᠠᠪᠠ᠃
ᠨᠡᠢ᠌ᠲᠡᠯᠡᠬᠦ ᠠᠵᠢᠯᠯᠠᠭ᠎ᠠ ᠳᠡᠭᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠲᠣᠰ ᠲᠣᠰ ᠪᠥᠬᠥ ᠣᠷᠣᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠂ ᠬᠥᠬᠡᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠢ᠌ᠳᠠᠯ᠎ᠢ ᠲᠠᠨᠢᠯᠴᠠᠭᠤᠯᠤᠬᠰᠠᠨ᠎ᠤ ᠬᠠᠮᠳᠤ ᠬᠥᠬᠡᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠎ᠠ ᠪᠠᠷᠢᠮᠲᠠ ᠵᠢᠨ ᠠᠵᠢᠯ᠎ᠤᠨ ᠳᠤᠭᠤᠢ᠌ᠯᠠᠩ᠎ᠤᠨ᠎ᠬᠢᠨ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠨᠡᠢ᠌ᠲᠡᠯᠡᠪᠡ᠃ ᠲᠣᠰ ᠠᠵᠢᠯᠯᠠᠭ᠎ᠠ ᠵᠢᠨ ᠵᠣᠷᠢᠯᠭ᠎ᠠ᠎ᠨᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ 《ᠰᠠᠭᠤᠷᠢ ᠮᠥᠩᠭᠥ》 ᠵᠢ ᠲᠣᠳᠣᠷᠬᠠᠢ ᠪᠣᠯᠭ᠋ᠠᠵᠤ᠂ ᠲᠣᠭ᠎ᠠ ᠪᠠᠷᠢᠮᠲᠠ᠎ᠪᠠᠷ 《ᠭᠤᠷᠪᠠᠨ ᠡᠮᠨᠡᠯᠭᠡ》 ᠵᠢ ᠵᠣᠬᠢᠴᠠᠯᠳᠤᠭᠤᠯᠤᠨ ᠬᠥᠭᠵᠢᠭᠦᠯᠬᠦ ᠵᠢᠨ ᠲᠥᠯᠥᠭᠡ ᠶᠤᠮ᠂ ᠪᠡᠭᠡᠵᠢᠩ᠂ ᠬᠠᠷᠠᠮᠥ᠋ᠷᠡᠨ᠂ ᠨᠢᠩᠰᠢᠶᠠ ᠵᠡᠷᠭᠡ 8 ᠮᠤᠵᠢ ᠣᠷᠣᠨ ᠬᠣᠲᠠ ᠪᠠ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠦᠦᠠᠨᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠲᠤᠬᠠᠢ ᠵᠢᠨ ᠲᠠᠯᠠᠪᠤᠷ᠎ᠲᠤ ᠲᠣᠭᠣᠷᠢᠨ ᠦᠵᠡᠪᠡ᠃