ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 《ᠲᠤᠰᠠᠯᠠᠮᠵᠢ ᠵᠢᠨ᠎ᠬᠢᠨ᠎ᠤ ᠥᠯᠢᠭᠡᠷ · ᠰᠢᠨ᠎ᠡ ᠵᠢ ᠡᠭᠦᠳᠦᠭᠰᠡᠨ ᠬᠠᠭᠤᠳᠠᠰᠤ》 ᠬᠡᠮᠡᠬᠦ 2024 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠰᠢᠯᠢᠳᠡᠭ ᠵᠢᠱ᠌ᠢᠶ᠎ᠡ ᠵᠢ ᠤᠬᠠᠭᠤᠯᠤᠨ ᠰᠣᠯᠢᠯᠴᠠᠬᠤ ᠠᠵᠢᠯᠯᠠᠭ᠎ᠠ ᠵᠢ 3 ᠰᠠᠷ᠎ᠠ ᠵᠢᠨ 22᠎ᠤᠨ ᠡᠳᠦᠷ ᠪᠡᠭᠡᠵᠢᠩ᠎ᠳᠤ ᠡᠷᠭᠢᠯᠡᠪᠡ᠃ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ 8 ᠠᠵᠢᠯᠲᠠᠨ ᠰᠢᠨ᠎ᠡ ᠰᠣᠷᠭᠣᠭ ᠪᠣᠳᠠᠲᠤ ᠵᠢᠱ᠌ᠢᠶᠡᠨᠦᠭᠦᠳ ᠵᠶ᠋ᠡᠷ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠥᠭᠡᠷᠡᠴᠢᠯᠡᠯᠲᠡ ᠬᠢᠵᠦ ᠰᠢᠨᠡᠳᠬᠡᠬᠦ ᠵᠢ ᠠᠬᠢᠭᠤᠯᠤᠭᠰᠠᠨ᠎ᠤ ᠴᠠᠭ᠋ᠠᠨᠠᠬᠢ ᠥᠯᠢᠭᠡᠷ᠎ᠢ ᠬᠤᠪᠢᠶᠠᠯᠴᠠᠨ ᠰᠢᠯᠢᠳᠡᠭ ᠵᠢᠱ᠌ᠢᠶ᠎ᠡ᠎ᠳᠤ ᠠᠭᠤᠯᠤᠭᠳᠠᠵᠤ ᠪᠦᠬᠦᠢ ᠠᠮᠢᠳᠤᠯᠢᠭ ᠦᠢ᠍ᠯᠡᠳᠦᠯᠭᠡ ᠪᠠ ᠨᠠᠨᠳᠢᠨ ᠲᠤᠷᠰᠢᠯᠭ᠎ᠠ ᠵᠢ ᠳᠡᠯᠭᠡᠨ ᠦᠵᠡᠭᠦᠯᠵᠡᠢ᠃
ᠡᠭᠦᠨ᠎ᠳᠤ ᠵᠧᠵᠢᠶᠠᠩ ᠮᠤᠵᠢ ᠵᠢᠨ᠎ᠬᠢᠨ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠶᠠᠪᠤᠴᠠ᠎ᠳᠤ ᠬᠦᠴᠢᠷᠳᠡᠯᠲᠡᠢ ᠤᠯᠠᠨ ᠲᠦᠮᠡᠨ᠎ᠤ 《ᠨᠢᠭᠡ ᠵᠢ ᠴᠦ᠍ ᠡᠩᠨᠡᠭᠡ᠎ᠠᠴᠠ ᠬᠤᠴᠤᠷᠠᠭᠤᠯᠬᠤ ᠦᠭᠡᠢ》 《 ᠪᠠᠭᠤᠷᠠᠢ᠌ᠴᠤᠤᠯ ᠵᠶ᠋ᠡᠨ ᠤᠯᠠᠨ ᠵᠶ᠋ᠠᠷ ᠵᠶ᠋ᠠᠨ ᠲᠡᠳᠬᠦᠬᠦ》 ᠰᠢᠨ᠎ᠡ ᠦᠢ᠍ᠯᠡᠳᠦᠯᠭᠡ ᠪᠠᠢ᠌ᠬᠤ᠎ᠪᠠᠷ ᠪᠠᠷᠠᠬᠤ ᠦᠭᠡᠢ᠂ ᠱᠠᠨᠰᠢ ᠮᠤᠵᠢ ᠵᠢᠨ ᠢ ᠴᠤᠸᠠᠨ᠂ ᠭᠠᠨᠰᠤ ᠮᠤᠵᠢ ᠵᠢᠨ ᠵᠤᠸᠠᠡᠭ ᠯᠠᠡᠭ ᠵᠡᠷᠭᠡ ᠭᠠᠵᠠᠷ ᠤᠷᠤᠨᠤᠬᠢᠨᠤ ᠲᠠᠬᠢᠨ ᠶᠠᠳᠠᠭᠤᠷᠠᠬᠤ᠎ᠠᠴᠠ ᠰᠡᠷᠭᠡᠢ᠌ᠯᠡᠨ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠪᠣᠯᠣᠨ ᠬᠥᠳᠡᠭᠡ ᠲᠣᠰᠬᠣᠨ᠎ᠤ ᠣᠷᠣᠯᠭ᠎ᠠ ᠪᠠᠭ᠎ᠠ ᠬᠦᠮᠦᠰ᠎ᠢ ᠪᠠᠢ᠌ᠡᠭᠭᠤᠵᠢᠭᠤᠯᠤᠨ ᠲᠡᠳᠬᠦᠬᠦ ᠲᠦᠷᠦ ᠵᠢᠨ ᠪᠣᠳᠣᠯᠭ᠎ᠠ ᠵᠢ ᠵᠣᠯᠭ᠋ᠠᠭᠤᠯᠤᠨ ᠨᠢᠭᠡᠳᠬᠡᠬᠦ ᠵᠢ ᠠᠬᠢᠭᠤᠯᠬᠤ ᠵᠢ ᠢᠳᠡᠪᠬᠢᠲᠡᠢ ᠰᠦᠪᠡᠭᠴᠢᠯᠡᠵᠦ ᠤᠷᠢᠳ ᠵᠶ᠋ᠡᠷ ᠬᠡᠷᠡᠭᠵᠢᠭᠦᠯᠵᠦ ᠤᠷᠢᠳ ᠵᠶ᠋ᠡᠷ ᠲᠤᠷᠰᠢᠬᠰᠠᠨ ᠠᠵᠢ᠃ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢ ᠲᠦᠷᠭᠡᠨ ᠬᠥᠭᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠣᠯᠠᠨ ᠡᠰᠢᠲᠦ ᠬᠡᠷᠡᠭᠴᠡᠭᠡ ᠵᠢ ᠬᠠᠩᠭ᠋ᠠᠬᠤ ᠵᠢᠨ ᠲᠦᠯᠤᠬᠡ ᠱᠠᠨᠳᠦ᠋ᠩ᠎ᠤᠨ ᠹᠧᠢ ᠴᠧᠩ᠎ᠤᠨ 《ᠴᠸᠡᠭ ᠽᠢ ᠱᠤ᠌》 ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠩᠭᠢ᠂ ᠥᠪᠥᠷ ᠮᠣᠩᠭᠣᠯ᠎ᠤᠨ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ 《ᠴᠸᠡᠭ ᠽᠢ ᠱᠤ᠌》 ᠲᠤᠰᠠᠯᠠᠮᠵᠢ ᠵᠢᠨ ᠦᠢ᠍ᠯᠡᠴᠢᠯᠡᠭᠡᠨ᠎ᠤ ᠨᠡᠷᠡᠲᠦ ᠲᠡᠮᠳᠡᠭ᠂ ᠪᠠᠰᠠ ᠵᠢᠶᠠᠩᠰᠤ ᠮᠤᠵᠢ ᠵᠢᠨ ᠰᠦᠵᠧᠦ ᠬᠣᠲᠠ ᠵᠢᠨ ᠦᠵᠢᠶᠠᠩ ᠲᠣᠭᠣᠷᠢᠭ᠎ᠤᠨ᠎ᠬᠢᠨ 《ᠨᠡᠢ᠌ᠭᠡᠮ᠎ᠤᠨ ᠲᠤᠰᠠᠯᠠᠮᠵᠢ ᠵᠢᠨ ᠥᠷᠲᠡᠭᠡ》 ᠵᠢ ᠪᠤᠶ ᠪᠣᠯᠭ᠋ᠠᠵᠤ᠂ ᠬᠠᠷᠠᠮᠥ᠋ᠷᠡᠨ ᠮᠤᠵᠢ ᠵᠢᠨ ᠵᠢᠢ ᠰᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠡᠢ᠌ᠭᠡᠮ᠎ᠤᠨ ᠲᠤᠰᠠᠯᠠᠮᠵᠢ ᠵᠢᠨ ᠠᠵᠢᠯ ᠪᠤᠯᠭ᠋ᠠᠨ᠎ᠢ ᠪᠦᠳᠤᠮᠵᠢ ᠰᠠᠢ᠌ᠳᠠᠢ ᠪᠦᠲᠦᠭᠡᠬᠦ》 ᠪᠠ ᠹᠦᠵᠢᠶᠠᠨ ᠮᠤᠵᠢ ᠵᠢᠨ ᠴᠢᠤᠸᠠᠨᠵᠸᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠨᠡᠢ᠌ᠭᠡᠮ᠎ᠤᠨ ᠲᠤᠰᠠᠯᠠᠮᠵᠢ ᠵᠢᠨ 《ᠨᠢᠭᠡ ᠬᠡᠷᠡᠭ᠎ᠢ ᠨᠢᠭᠡ ᠵᠥᠪᠯᠡᠬᠦ》 ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠲᠠᠯ᠎ᠠ᠎ᠪᠠᠷ ᠰᠦᠪᠡᠭᠴᠢᠯᠡᠵᠦ ᠰᠢᠨ᠎ᠡ ᠵᠢ ᠡᠭᠦᠳᠦᠭᠰᠡᠨ ᠪᠠᠢ᠌ᠨ᠎ᠠ᠃ ᠨᠠᠨᠵᠢᠩ ᠶᠡᠬᠡ ᠰᠤᠷᠭ᠋ᠠᠭᠤᠯᠢ ᠵᠢᠨ ᠯᠢᠨ ᠮᠢᠨ ᠭᠠᠩ ᠫᠷᠤᠹᠸᠰᠰᠤᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠽᠦᠸᠧ ᠢᠦᠢ ᠫᠷᠤᠹᠸᠰᠰᠤᠷ᠂ ᠰᠸᠴᠤᠸᠠᠨ ᠶᠡᠬᠡ ᠰᠤᠷᠭ᠋ᠠᠭᠤᠯᠢ ᠵᠢᠨ ᠵᠠᠩ ᠬᠤᠤ ᠮᠢᠶᠣᠣ ᠫᠷᠤᠹᠸᠰᠰᠤᠷ᠂ ᠵᠧᠵᠢᠶᠠᠩ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠵᠤ᠌ ᠵᠢᠶᠠᠨ ᠬᠤᠸᠨ ᠫᠷᠤᠹᠸᠰᠰᠤᠷ᠂ ᠶᠦᠨᠨᠠᠨ ᠶᠡᠬᠡ ᠰᠤᠷᠭ᠋ᠠᠭᠤᠯᠢ ᠵᠢᠨ ᠯᠢ ᠵᠢᠩ ᠫᠷᠤᠹᠸᠰᠰᠤᠷ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ ᠬᠡᠷᠡᠭ᠎ᠤᠨ ᠵᠢᠱ᠌ᠢᠶ᠎ᠡ ᠵᠢᠨ ᠰᠢᠨ᠎ᠡ ᠵᠢ ᠡᠭᠦᠳᠦᠭᠰᠡᠨ ᠠᠴᠢ ᠬᠣᠯᠪᠣᠭᠳᠠᠯ ᠪᠣᠯᠣᠨ ᠳᠡᠯᠭᠡᠷᠡᠭᠦᠯᠬᠦ ᠦᠨ᠎ᠡ ᠥᠷᠲᠡᠭ᠎ᠢ ᠨᠢᠭᠡᠳ ᠨᠢᠭᠡ᠎ᠪᠠᠷ ᠦᠨᠡᠯᠡᠪᠡ᠃
ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠡᠢ᠌ᠭᠡᠮ᠎ᠤᠨ ᠲᠤᠰᠠᠯᠠᠮᠵᠢ ᠵᠢᠨ ᠥᠭᠡᠷᠡᠴᠢᠯᠡᠯᠲᠡ ᠵᠢᠨ ᠰᠢᠨᠡᠴᠢᠯᠡᠯᠳᠡ ᠵᠢ ᠢᠳᠡᠪᠬᠢᠲᠡᠢ ᠠᠬᠢᠭᠤᠯᠬᠤ ᠵᠢ ᠵᠣᠷᠢᠭᠵᠢᠭᠤᠯᠬᠤ ᠵᠢᠨ ᠲᠥᠯᠥᠭᠡ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 2016 ᠣᠨ᠎ᠠᠴᠠ ᠡᠬᠢᠯᠡᠨ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠠᠵᠢᠯᠯᠠᠭ᠎ᠠ ᠵᠢ ᠵᠠᠯᠭ᠋ᠠᠭ᠎ᠠ᠎ᠪᠠᠷ ᠨᠠᠢ᠍ᠮᠠᠨ ᠵᠢᠯ ᠡᠷᠭᠢᠯᠡᠵᠦ᠂ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠰᠢᠯᠢᠳᠡᠭ ᠵᠢᠱ᠌ᠢᠶ᠎ᠡ ᠵᠢ 108 ᠰᠢᠯᠭ᠋ᠠᠷᠠᠭᠤᠯᠪᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ᠎ᠪᠠᠷ ᠵᠢᠯᠣᠭᠣᠳᠤᠮᠵᠢ ᠪᠣᠯᠭ᠋ᠠᠵᠤ᠂ ᠬᠦᠴᠢᠷᠳᠡᠯ᠎ᠲᠠᠢ ᠣᠯᠠᠨ ᠲᠦᠮᠡᠨ᠎ᠤ ᠪᠠᠴᠢᠮᠳᠠᠯ ᠵᠤᠪᠠᠨᠢᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠬᠠᠨᠳᠤᠭᠤᠯᠵᠤ᠂ ᠠᠵᠢᠯ᠎ᠤᠨ ᠳᠤᠮᠳᠠᠬᠢ ᠬᠦᠴᠢᠷ ᠠᠰᠠᠭᠤᠳᠠᠯ᠂ ᠪᠡᠷᠬᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠵᠣᠷᠢᠭᠲᠠᠢ᠎ᠪᠠᠷ ᠰᠦᠪᠡᠭᠴᠢᠯᠡᠨ ᠦᠢ᠍ᠯᠡᠳᠦᠯᠭᠡᠵᠢᠭᠦᠯᠵᠦ᠂ ᠨᠢᠭᠡ ᠪᠦᠯᠦᠭ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ ᠵᠢ ᠨᠡᠢ᠌ᠲᠡᠯᠡᠨ ᠬᠡᠷᠡᠭᠵᠢᠭᠦᠯᠵᠦ᠂ ᠴᠥᠭᠡᠨ ᠪᠤᠰᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠶ ᠪᠣᠯᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠳᠠᠬᠢᠨ ᠳᠠᠪᠲᠠᠨ ᠲᠠᠰ ᠳᠡᠪᠰᠢᠬᠦ ᠵᠢ ᠠᠬᠢᠭᠤᠯᠵᠤ᠂ ᠣᠷᠣᠯᠭ᠎ᠠ ᠪᠠᠭ᠎ᠠ ᠬᠦᠮᠦᠰ᠎ᠢ ᠪᠠᠢ᠌ᠩᠭᠤᠵᠢᠭᠰᠠᠨ ᠲᠤᠰᠠᠯᠠᠬᠤ ᠲᠡᠳᠬᠦᠬᠦ ᠬᠣᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ᠂ ᠲᠠᠰ ᠲᠥᠷᠥᠯ ᠬᠤᠪᠢᠶᠠᠭᠰᠠᠨ ᠰᠢᠰᠲᠸᠮ᠎ᠢ ᠪᠠᠶ᠋ᠢᠭᠤᠯᠬᠤ᠎ᠳᠤ ᠴᠢᠬᠤᠯᠠ ᠦᠢ᠍ᠯᠡᠳᠦᠯᠭᠡ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠎ᠤ ᠳᠠᠷᠤᠭ᠎ᠠ ᠵᠢᠶᠠᠩ ᠸᠧᠢ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠡᠭᠲ᠋ᠤᠸᠠᠨ ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠡᠢ᠌ᠭᠡᠮ᠎ᠤᠨ ᠲᠤᠰᠠᠯᠠᠮᠵᠢ ᠵᠢᠨ ᠭᠠᠵᠠᠷ (ᠲᠣᠪᠴᠢᠶ᠎ᠠ)᠎ᠤᠨ ᠬᠠᠷᠢᠭᠤᠴᠠᠯᠭ᠋ᠠᠲᠠᠨ ᠨᠥᠬᠥᠳ ᠪᠠ ᠬᠡᠰᠡᠭ ᠬᠣᠲᠠ᠂ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠂ ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠂ ᠳᠤᠮᠳᠠᠳᠤ ᠵᠢᠨ ᠨᠡᠢ᠌ᠭᠡᠮ᠎ᠤᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠢ᠃