ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠡᠳ᠋᠎ᠤᠨ ᠵᠠᠰᠠᠭ᠎ᠤᠨ ᠵᠢᠷᠭᠤᠭ᠋ᠠᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2025-01-03

   ᠮᠠᠨ᠎ᠤ ᠣᠷᠣᠨ᠎ᠤ ᠡᠳ᠋᠎ᠤᠨ ᠵᠠᠰᠠᠭ᠎ᠤᠨ ᠠᠵᠢᠯ᠎ᠤᠨ ᠬᠤᠷᠠᠯ  2024 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ ᠬᠥᠬᠡᠬᠣᠲᠠ᠎ᠳᠤ ᠬᠤᠷᠠᠯᠳᠤᠪᠠ᠃ ᠬᠤᠷᠠᠯ ᠲᠡᠬᠡᠷ᠎ᠡ 2024 ᠣᠨ᠎ᠤ ᠪᠥᠬᠥ ᠣᠷᠣᠨ᠎ᠤ ᠡᠳ᠋᠎ᠤᠨ ᠵᠠᠰᠠᠭ᠎ᠤᠨ ᠠᠵᠢᠯ᠎ᠢ ᠳ᠋ᠦᠩᠨᠡᠭᠰᠡᠨ ᠪᠥᠭᠡᠳ 2025 ᠣᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
    2024 ᠣᠨ᠎ᠳᠤ ᠮᠠᠨ᠎ᠤ ᠪᠥᠬᠥ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠵᠢᠯ᠎ᠤᠨ ᠡᠬᠢᠨ᠎ᠤ ᠲᠥᠰᠥᠪ ᠵᠶ᠋ᠡᠨ ᠳᠠᠪᠠᠭᠤᠯᠤᠨ ᠪᠡᠶᠡᠯᠡᠭᠦᠯᠵᠦ᠂ ᠣᠨ᠎ᠤ ᠣᠷᠣᠯᠭ᠎ᠠ ᠵᠠᠷᠤᠯᠭ᠎ᠠ ᠵᠢᠨ ᠬᠠᠷᠠᠯᠲᠠᠲᠤ ᠡᠭᠦᠷᠭᠡ᠎ᠪᠠᠨ ᠠᠮᠵᠢᠯᠲᠠ᠎ᠲᠠᠢ ᠪᠡᠶᠡᠯᠡᠭᠦᠯᠪᠡ᠃ ᠴᠢᠬᠤᠯᠠ ᠶᠡᠬᠡ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠠᠵᠢᠯ᠎ᠢ ᠴᠢᠷᠮᠠᠢ᠌ᠨ ᠪᠠᠲᠤᠯᠠᠵᠤ 《ᠲᠠᠪᠤᠨ ᠶᠡᠬᠡ ᠡᠭᠦᠷᠭᠡ》 ᠵᠢ ᠬᠡᠷᠡᠭᠵᠢᠭᠦᠯᠦᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠭ᠋ᠠᠳ 《ᠤᠮᠠᠷᠠᠲᠤ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠵᠢ ᠳᠡᠮᠵᠢᠵᠦ᠂ 《ᠵᠢᠷᠭᠤᠭ᠋ᠠᠨ ᠢᠨᠵᠧᠨᠧᠷᠢᠩ》᠎ᠤᠨ ᠪᠡᠯᠭᠡ ᠲᠡᠮᠳᠡᠭᠴᠢ ᠦᠷ᠎ᠡ ᠪᠦᠲᠦᠭᠡᠯ ᠣᠯᠬᠤ ᠵᠢ ᠪᠠᠳᠤᠯᠠᠪᠠ᠃ 2024 ᠣᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠡᠳ᠋᠎ᠤᠨ ᠵᠠᠰᠠᠭ᠎ᠤᠨ ᠢᠳᠡᠪᠬᠢᠲᠡᠢ ᠲᠥᠷᠥ ᠵᠢᠨ ᠪᠣᠳᠣᠯᠭ᠎ᠠ ᠵᠢ ᠪᠦᠳᠤᠮᠵᠢ ᠰᠠᠢ᠌ᠳᠠᠢ ᠡᠷᠴᠢᠮᠳᠡᠢ  ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠨᠡᠢ᠌ᠯᠡᠯ᠂ ᠠᠵᠤ ᠦᠢ᠍ᠯᠡᠳᠪᠦᠷᠢ ᠵᠢᠨ ᠡᠨᠧᠷᠭᠢ ᠵᠢᠨ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠬᠤ᠂ ᠦᠢ᠍ᠯᠡᠴᠢᠯᠡᠭᠡᠨ᠎ᠤ ᠦᠢ᠍ᠯᠡᠰ᠎ᠤᠨ ᠲᠠᠰ ᠳᠡᠪᠰᠢᠬᠦ ᠪᠠ ᠰᠢᠨᠵᠢᠯᠡᠬᠦ ᠮᠡᠷᠭᠡᠵᠢᠯ ᠎ᠤᠨ ᠡᠬᠦᠳᠤᠯᠳᠡ᠎ᠲᠠᠢ ᠬᠦᠭᠵᠢᠬᠦᠯᠬᠦ ᠠᠵᠢᠯ᠎ᠢ ᠲᠠᠯᠪᠢᠨ ᠰᠠᠢ᠌ᠲᠤᠷ ᠬᠢᠵᠦ᠂ ᠨᠡᠢ᠌ᠭᠡᠮ᠎ᠤᠨ ᠪᠠᠲᠤᠯᠠᠭ᠎ᠠ ᠵᠢᠨ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠪᠡᠯᠡ ᠮᠥᠩᠭᠥ ᠵᠢᠨ ᠰᠢᠭᠤᠳ ᠬᠦᠷᠬᠦ ᠲᠣᠭᠲᠠᠴᠠ ᠵᠢᠨ ᠰᠢᠨᠡᠴᠢᠯᠡᠨ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠦᠷᠭᠦᠯᠵᠢᠯᠡᠨ ᠨᠡᠮᠡᠭᠳᠡᠬᠦᠯᠪᠡ᠃
     2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠰᠡᠬᠦᠯᠴᠢ᠎ᠤᠨ ᠵᠢᠯ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠠᠶᠠᠨ᠎ᠤ ᠭᠠᠷᠤᠭ᠎ᠠ ᠵᠢ ᠰᠠᠢ᠌ᠳᠤ᠋ ᠡᠯᠬᠦᠬᠦ᠎ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠵᠢᠨ ᠵᠢᠯ ᠮᠥᠨ᠃ ᠪᠥᠬᠥ ᠣᠷᠣᠨ᠎ᠤ ᠡᠳ᠋᠎ᠤᠨ ᠵᠠᠰᠠᠭ᠎ᠤᠨ ᠠᠵᠢᠯ᠎ᠤᠨ ᠬᠤᠷᠠᠯ ᠲᠡᠬᠡᠷ᠎ᠡ᠄ 《2025 ᠣᠨ᠎ᠳᠤ ᠪᠥᠬᠥ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠥᠪᠯᠡᠨ ᠨᠡᠶ᠋ᠢᠲᠡ᠎ᠳᠤ᠎ᠨᠢ ᠬᠠᠷᠠᠭ᠋ᠠᠯᠵᠠᠵᠤ᠂ 6 ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠲᠣᠰ ᠲᠣᠰ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ ᠵᠢ ᠦᠷᠭᠦᠯᠵᠢᠯᠡᠨ ᠰᠡᠷᠭᠡᠢ᠌ᠯᠡᠨ ᠠᠷᠢᠯᠭ᠋ᠠᠨ᠎ᠠ᠃ 〈ᠭᠤᠷᠪᠠ ᠵᠢ ᠪᠠᠲᠤᠯᠠᠬᠤ〉 (ᠦᠬᠡᠷ᠎ᠡ᠎ᠪᠠᠷ ᠬᠡᠯᠡᠪᠡᠯ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠴᠠᠯᠢᠩ᠎ᠢ ᠪᠠᠲᠤᠯᠠᠬᠤ᠂ ᠠᠵᠢᠯᠯᠠᠭ᠋ᠠᠨ᠎ᠢ ᠪᠠᠲᠤᠯᠠᠬᠤ) ᠠᠵᠢᠯ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ 〈ᠭᠤᠷᠪᠠ ᠵᠢ ᠪᠠᠲᠤᠯᠠᠬᠤ〉 ᠵᠢᠨ ᠬᠣᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ᠃ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠰᠢᠰᠲ᠋ᠧᠮ᠎ᠲᠠᠢ ᠠᠬᠢᠭᠤᠯᠵᠤ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢ ᠣᠳᠣᠬᠢᠴᠢᠯᠠᠭᠰᠠᠨ ᠠᠵᠤ ᠦᠢ᠍ᠯᠡᠰ᠎ᠤᠨ ᠪᠦᠬᠦ ᠰᠢᠰᠲᠸᠮ᠎ᠢ ᠪᠠᠶ᠋ᠢᠭᠤᠯᠬᠤ ᠵᠢ ᠠᠬᠢᠭᠤᠯᠵᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠪᠦᠬᠦ ᠬᠦᠴᠦᠨ ᠵᠶ᠋ᠡᠷ ᠲᠡᠮᠵᠢᠬᠦ ᠬᠡᠷᠡᠭᠳᠡᠢ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠡᠬᠢ ᠪᠠᠶᠠᠯᠢᠭ᠎ᠢ ᠪᠠᠢ᠌ᠴᠠᠭ᠋ᠠᠬᠤ ᠪᠠ ᠠᠮᠢᠳᠤᠯᠢᠭ ᠪᠣᠯᠭ᠋ᠠᠬᠤ ᠬᠣᠶᠠᠷ ᠵᠢᠯ᠎ᠤᠨ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠵᠢ ᠥᠷᠨᠢᠭᠦᠯᠵᠦ ᠡᠳ᠋ ᠬᠥᠷᠥᠩᠭᠡ ᠵᠢᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠳᠡᠢ᠃ ᠥᠪᠥᠷ ᠮᠣᠩᠭᠣᠯ᠎ᠤᠨ ᠡᠳ᠋᠎ᠤᠨ ᠵᠠᠰᠠᠭ᠎ᠤᠨ ᠺᠠᠳ᠋ᠷ᠎ᠤᠨ ᠡᠩᠨᠡᠭᠡ ᠵᠢᠨ ᠪᠠᠢ᠌ᠭᠤᠯᠤᠯᠲᠠ ᠵᠢᠨ ᠨᠠᠷᠠᠲᠤ ᠲᠡᠮᠳᠡᠭᠲᠦ ᠵᠢ ᠭᠡᠷᠡᠯᠲᠦᠭᠦᠯᠵᠦ ᠺᠠᠳ᠋ᠷ᠎ᠤᠨ ᠡᠩᠨᠡᠭᠡ ᠵᠢᠨ ᠴᠣᠭ ᠰᠦᠯᠳᠡ ᠵᠢ ᠪᠥᠬᠥ ᠲᠠᠯ᠎ᠠ᠎ᠪᠠᠷ ᠬᠦᠭᠵᠢᠬᠡᠬᠦ ᠬᠡᠷᠡᠭᠳᠡᠢ》 ᠬᠡᠯ᠎ᠡ᠃ 

 


   


    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠡᠴᠡᠭ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠬᠦᠭᠵᠢᠬᠦᠯᠤᠯᠳᠡ ᠵᠢ ᠳᠡᠮᠵᠢᠨ ᠠᠬᠢᠭᠤᠯᠬᠤ》 ᠵᠥᠪᠯᠡᠬᠦ ᠰᠡᠳᠦᠪ᠎ᠤᠨ ᠲᠤᠭᠤᠷᠢᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠳᠤ ᠠᠵᠢᠯ ᠪᠠᠢ᠌ᠴᠠᠭ᠋ᠠᠪᠠ
2035 ᠣᠨ᠎ᠳᠤ ᠰᠤᠷᠭ᠋ᠠᠨ ᠬᠥᠮᠦᠵᠢᠯ ᠵᠶ᠋ᠡᠷ ᠣᠷᠣᠨ ᠵᠶ᠋ᠠᠨ ᠬᠦᠴᠦᠷᠬᠡᠭᠵᠢᠭᠦᠯᠦᠨ᠎ᠡ
ᠪᠦᠬᠦ ᠣᠷᠣᠨ᠎ᠤ ᠶᠡᠷᠦᠩᠬᠡᠢ᠌ᠯᠡᠨ ᠵᠠᠰᠠᠬᠤ ᠲᠥᠪ᠎ᠤᠨ ᠵᠢᠷᠤᠮᠵᠢᠭᠰᠠᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠠᠢ ᠵᠢᠨ ᠠᠬᠢᠭᠤᠯᠬᠤ ᠬᠤᠷᠠᠯ ᠪᠤᠭᠤᠲᠤ᠎ᠳᠤ ᠬᠤᠷᠠᠯᠳᠤᠪᠠ
ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠎ᠠ ᠪᠠᠷᠢᠮᠲᠠ ᠵᠢ ᠬᠠᠨᠳᠤᠯᠭ᠎ᠠ᠎ᠲᠠᠢ᠎ᠪᠠᠷ ᠨᠡᠢ᠌ᠲᠡᠯᠡᠬᠦ ᠠᠵᠢᠯᠯᠠᠭ᠎ᠠ ᠶᠠᠪᠤᠬᠳᠠᠭᠤᠯᠪᠠ
ᠠᠷᠠᠳ᠎ᠤᠨ ᠶᠠᠪᠤᠳᠠᠯ᠎ᠤᠨ ᠶᠠᠮᠤᠨ 《ᠲᠤᠰᠠᠯᠠᠮᠵᠢ ᠵᠢᠨ᠎ᠬᠢᠨ᠎ᠤ ᠥᠯᠢᠭᠡᠷ · ᠰᠢᠨ᠎ᠡ ᠵᠢ ᠡᠭᠦᠳᠦᠭᠰᠡᠨ ᠬᠠᠭᠤᠳᠠᠰᠤ》 ᠬᠡᠮᠡᠬᠦ ᠭᠣᠣᠯ ᠰᠡᠳᠦᠪᠲᠦ ᠤᠬᠠᠭᠤᠯᠭ᠎ᠠ ᠰᠣᠯᠢᠯᠴᠠᠭ᠋ᠠᠨ᠎ᠤ ᠠᠵᠢᠯᠯᠠᠭ᠎ᠠ ᠡᠷᠭᠢᠯᠡᠪᠡ
 
            